ᠮᠣᠩᠭᠣᠯ ᠤᠯᠤᠰ ᠤᠨ ᠶᠡᠷᠦᠩᠬᠡᠢ ᠰᠠᠶᠢᠳ ᠯ᠊ •ᠤᠶᠤᠡᠡᠷᠳᠡᠨᠢ ᠡᠨᠡ ᠠᠮᠠᠷᠠᠯᠲᠠ ᠶ᠋ᠢᠨ ᠡᠳᠦᠷ ᠤᠳ ᠲᠥ ᠬᠢᠯᠢ ᠶ᠋ᠢᠨ ᠪᠣᠭᠣᠮᠲᠠ ᠨᠣᠭᠣᠳ ᠤᠨ ᠨᠥᠬᠥᠴᠡᠯ ᠪᠠᠶᠢᠳᠠᠯ ᠲᠠᠢ ᠲᠠᠨᠢᠯᠴᠠᠨ᠎ᠠ ᠃ ᠬᠢᠲᠠᠳ ᠤᠨ ᠡᠯᠴᠢᠨ ᠰᠠᠶᠢᠳ ᠴᠠᠢ ᠸᠸᠨ ᠷᠦᠢ ᠶᠢ ᠬᠦᠯᠢᠶᠡᠨ ᠠᠪᠴᠤ ᠠᠭᠤᠯᠵᠠᠬᠤ ᠦᠶ᠎ᠡ ᠪᠡᠷ ᠲᠡᠷᠡ ᠪᠡᠷ ᠬᠡᠯᠡᠭᠰᠡᠨ ᠶᠤᠮ ᠃ ᠡᠨᠡ ᠦᠶ᠎ᠡ ᠪᠡᠷ ᠮᠣᠩᠭᠣᠯ ᠂ ᠬᠢᠲᠠᠳ ᠤᠨ ᠢᠵᠢ ᠪᠦᠷᠢᠨ ᠰᠲ᠋ᠷᠠᠲ᠋ᠸᠬᠢ ᠶ᠋ᠢᠨ ᠲᠦᠩᠰᠢᠯᠡᠯ ᠦᠨ ᠬᠠᠷᠢᠯᠴᠠᠭ᠎ᠠ ᠶ᠋ᠢ ᠭᠦᠨᠵᠡᠭᠡᠶᠢᠷᠡᠭᠦᠯᠬᠦ ᠂ ᠴᠠᠷ᠎ᠠ ᠲᠠᠬᠤᠯ ᠤᠨ ᠨᠥᠬᠥᠴᠡᠯ ᠪᠠᠶᠢᠳᠠᠯ ᠳᠤ ᠬᠠᠮᠲᠤ ᠶ᠋ᠢᠨ ᠠᠵᠢᠯᠯᠠᠭ᠎ᠠ ᠶ᠋ᠢ ᠬᠡᠪ ᠤᠨ ᠶᠠᠪᠤᠭᠤᠯᠬᠤ ᠪᠣᠯᠣᠮᠵᠢ ᠶ᠋ᠢᠨ ᠲᠠᠯ᠎ᠠ ᠪᠡᠷ ᠰᠠᠨᠠᠯ ᠰᠣᠯᠢᠯᠴᠠᠭᠰᠠᠨ ᠲᠠᠯ᠎ᠠ ᠪᠡᠷ ᠡᠮᠦᠨ᠎ᠡ ᠨᠢ ᠮᠡᠳᠡᠭᠡᠯᠡᠵᠦ ᠪᠠᠶᠢᠭᠰᠠᠨ ᠃
ᠲᠡᠶᠢᠮᠦ ᠡᠴᠡ ᠬᠣᠶᠠᠷ ᠤᠯᠤᠰ ᠤᠨ ᠬᠠᠮᠲᠤ ᠶ᠋ᠢᠨ ᠠᠵᠢᠯᠯᠠᠭ᠎ᠠ ᠳ᠋ᠤ ᠴᠢᠬᠤᠯᠠ ᠡᠭᠦᠷᠭᠡ ᠲᠠᠢ ᠬᠢᠯᠢ ᠶ᠋ᠢᠨ ᠪᠣᠭᠣᠮᠲᠠ ᠨᠣᠭᠣᠳ ᠤᠨ ᠦᠢᠯᠡ ᠠᠵᠢᠯᠯᠠᠭ᠎ᠠ ᠶ᠋ᠢ ᠬᠡᠪ ᠤᠨ ᠪᠣᠯᠭᠠᠬᠤ ᠴᠢᠭᠯᠡᠯ ᠢᠶ᠋ᠡᠷ ᠴᠠᠭᠠᠰᠢᠳᠠ ᠴᠦ ᠢᠳᠡᠪᠬᠢᠲᠡᠢ ᠠᠷᠭ᠎ᠠ ᠬᠡᠮᠵᠢᠶ᠎ᠡ ᠠᠪᠬᠤ ᠲᠠᠯ᠎ᠠ ᠪᠡᠷ ᠲᠠᠯ᠎ᠠ ᠨᠣᠭᠣᠳ ᠶᠠᠷᠢᠯᠴᠠᠭᠰᠠᠨ ᠪᠢᠯᠡ ᠃ ᠬᠢᠯᠢ ᠶ᠋ᠢᠨ ᠪᠣᠭᠣᠮᠲᠠ ᠶ᠋ᠢᠨ ᠦᠢᠯᠡ ᠠᠵᠢᠯᠯᠠᠭ᠎ᠠ ᠶ᠋ᠢ ᠬᠡᠪ ᠤᠨ ᠪᠣᠯᠭᠠᠭᠰᠠᠨ ᠢᠶᠠᠷ ᠨᠡᠭᠦᠷᠡᠰᠦ ᠡᠺᠰᠫᠣᠷᠲ ᠢ ᠬᠡᠪ ᠤᠨ ᠪᠠᠶᠢᠳᠠᠯ ᠳᠤ ᠣᠷᠣᠭᠤᠯᠬᠤ ᠂ ᠥᠷᠭᠡᠨ ᠬᠡᠷᠡᠭᠯᠡᠭᠡᠨ ᠤ ᠪᠠᠷᠠᠭ᠎ᠠ ᠪᠦᠲᠦᠭᠡᠭᠳᠡᠬᠦᠨ ᠤ ᠦᠨ᠎ᠡ ᠶ᠋ᠢᠨ ᠥᠰᠦᠯᠲᠡ ᠡᠴᠡ ᠰᠡᠷᠭᠡᠶᠢᠯᠡᠬᠦ ᠶᠤᠮ ᠃