ᠠᠷᠠᠯᠵᠢᠶᠠᠨ ᠤ ᠪᠠᠩᠬᠢ ᠨᠤᠭᠤᠳ ᠠᠴᠠ ᠢᠷᠭᠡᠳ ᠦᠨ ᠠᠪᠤᠭᠰᠠᠨᠵᠢᠭᠡᠯᠡ ᠶᠢᠨ ᠬᠡᠮᠵᠢᠶ᠎ᠡ ᠥᠩᠭᠡᠷᠡᠭᠰᠡᠨ ᠳᠥᠷᠪᠡᠳᠦᠭᠡᠷ ᠰᠠᠷ᠎ᠠ ᠳᠤ 2.2 ᠬᠤᠪᠢ ᠪᠠᠷ ᠥᠰᠴᠠᠢ᠃ ᠬᠠᠷᠢᠨ ᠪᠠᠶᠢᠭᠤᠯᠤᠯᠭ᠎ᠠ ᠨᠤᠭᠤᠳ ᠤᠨ ᠠᠪᠤᠭᠰᠠᠨ ᠵᠢᠭᠡᠯᠡ ᠶᠢᠨ ᠬᠡᠮᠵᠢᠶ᠎ᠡ 0.5 ᠬᠤᠪᠢ ᠪᠠᠷ ᠪᠠᠭᠤᠷᠠᠭᠰᠠᠨ ᠪᠠᠶᠢᠨ᠎ᠠ᠃ ᠡᠨᠡ ᠬᠤᠭᠤᠴᠠᠭᠠᠨ ᠳᠤ ᠠᠷᠠᠯᠵᠢᠶᠠᠨ ᠤ ᠪᠠᠩᠬᠢᠨ ᠨᠤᠭᠤᠳ ᠤᠨ ᠵᠢᠭᠡᠯᠡ ᠶᠢᠨ ᠦᠯᠡᠳᠡᠭᠳᠡᠯ ᠡᠮᠦᠨᠡᠬᠢ ᠣᠨ ᠤ ᠮᠥᠨ ᠦᠶ᠎ᠡ ᠡᠴᠡ 2.9 ᠬᠤᠪᠢ ᠪᠠᠷ ᠥᠰᠴᠦ᠂ 17.5 ᠶᠡᠬᠡ ᠨᠠᠶᠤᠳ ᠲᠥᠭᠥᠷᠢᠭ ᠪᠣᠯᠵᠠᠢ᠃ ᠨᠡᠶᠢᠲᠡ ᠵᠢᠭᠡᠯᠡ ᠶᠢᠨ ᠦᠯᠡᠳᠡᠭᠳᠡᠯ ᠦᠨ 10.8 ᠬᠤᠪᠢ ᠪᠤᠶᠤ 1.9 ᠶᠡᠬᠡ ᠨᠠᠶᠤᠳ ᠲᠥᠭᠥᠷᠢᠭ ᠨᠢ ᠭᠠᠳᠠᠭᠠᠳᠤ ᠸᠠᠯᠢᠶᠤᠲ ᠢᠶᠠᠷ ᠣᠯᠭᠤᠭᠰᠠᠨ ᠵᠢᠭᠡᠯᠡ ᠶᠤᠮ᠃ ᠡᠭᠦᠨ ᠦ 11.4 ᠬᠤᠪᠢ ᠨᠢ ᠴᠢᠨᠠᠷ ᠦᠭᠡᠢ ᠵᠢᠭᠡᠯᠡ ᠪᠠᠶᠢᠨ᠎ᠠ᠃ ᠡᠨᠡ ᠨᠢ ᠡᠮᠦᠨᠡᠬᠢ ᠰᠠᠷ᠎ᠠ ᠠᠴᠠ 26.4 ᠲᠡᠷᠪᠤᠮ ᠲᠥᠭᠥᠷᠢᠭ ᠢᠶᠡᠷ ᠪᠠᠭᠤᠷᠠᠭᠰᠠᠨ ᠳ᠋ᠦᠩ ᠪᠣᠯᠵᠤ ᠪᠠᠶᠢᠭ᠎ᠠ ᠶᠤᠮ᠃ ᠬᠠᠷᠢᠨ ᠬᠤᠭᠤᠴᠠᠭ᠎ᠠ ᠬᠡᠲᠦᠷᠡᠭᠰᠡᠨ ᠵᠢᠭᠡᠯᠡ 7.3 ᠬᠤᠪᠢ ᠶᠢ ᠡᠵᠡᠯᠡᠵᠡᠢ᠃