ᠫᠦᠷᠪᠦ ᠭᠠᠷᠠᠭ ᠲᠤ ᠬᠥᠳᠡᠭᠡ ᠠᠵᠤ ᠠᠬᠤᠢ ᠶᠢᠨ ᠪᠢᠷᠵᠢ 15.3 ᠲᠡᠷᠪᠤᠮ ᠲᠥᠭᠥᠷᠢᠭ ᠦᠨ 167.9 ᠲᠣᠨ ᠨᠤᠯᠤᠤᠷ ᠠᠷᠠᠯᠵᠢᠯᠠ᠃ ᠠᠷᠠᠯᠵᠢᠶᠠᠨ ᠤ ᠦᠨ᠎ᠡ ᠶᠢᠨ ᠳ᠋ᠦᠩ ᠡᠮᠦᠨᠡᠬᠢ ᠡᠳᠦᠷ ᠦᠨ ᠬᠢ ᠡᠴᠡ ᠪᠠᠭᠤᠷᠠᠭᠰᠠᠨ ᠦᠵᠡᠭᠦᠯᠦᠯᠲᠡ ᠲᠡᠢ ᠪᠠᠶᠢᠨ᠎ᠠ᠃ ᠨᠣᠣᠯᠣᠭᠤᠷ ᠤᠨ ᠦᠨ᠎ᠡ ᠺᠢᠯᠦᠭᠷᠡᠮ ᠲᠤᠲᠤᠮ ᠨᠢ 122-125 ᠮᠢᠩᠭᠠᠨ ᠲᠥᠭᠥᠷᠢᠭ ᠦᠨ ᠬᠣᠭᠣᠷᠣᠨᠳᠣ ᠬᠡᠯᠪᠡᠯᠵᠡᠵᠦ ᠪᠠᠶᠢᠨ᠎ᠠ᠃ ᠳᠥᠷᠪᠡᠨ ᠡᠳᠦᠷ ᠦᠨ ᠠᠷᠠᠯᠵᠢᠶ᠎ᠠ ᠪᠠᠷ ᠨᠡᠶᠢᠲᠡ 61.5 ᠲᠡᠷᠪᠤᠮ ᠲᠥᠭᠥᠷᠢᠭ ᠦᠨ ᠲᠦᠭᠦᠬᠡᠢ ᠡᠳ᠋ ᠠᠷᠠᠯᠵᠢᠭᠠᠳ ᠪᠠᠶᠢᠭ᠎ᠠ ᠶᠤᠮ᠃
ᠢᠷᠭᠡᠳ᠂ ᠣᠯᠠᠨ ᠨᠡᠶᠢᠲᠡ ᠲᠥᠷᠥ ᠶᠢᠨ ᠦᠢᠯᠡᠴᠢᠯᠡᠭᠡ ᠶᠢ ᠰᠢᠭᠤᠷᠬᠠᠢ᠂ ᠬᠢᠯᠪᠠᠷ ᠢᠶᠠᠷ ᠠᠪᠬᠤ ᠪᠣᠯᠤᠮᠵᠢ ᠶᠢ ᠪᠦᠷᠢᠳᠦᠭᠦᠯᠦᠭᠰᠡᠨ E-Mongolia ᠴᠠᠬᠢᠮ ᠰᠢᠰᠲ᠋ᠧᠮ ᠳᠦ ᠬᠦᠨᠡᠰᠦ ᠬᠥᠳᠡᠭᠡ ᠠᠵᠤ ᠠᠬᠤᠢ ᠬᠥᠩᠭᠡᠨ ᠦᠢᠯᠡᠳᠪᠦᠷᠢ ᠶᠢᠨ ᠰᠠᠯᠪᠤᠷᠢ ᠶᠢᠨ 76 ᠲᠥᠷᠥᠯ ᠦᠨ ᠦᠢᠯᠡᠴᠢᠯᠡᠭᠡ ᠪᠠᠶᠢᠷᠢᠰᠢᠵᠠᠢ᠃