ᠶᠡᠷᠦᠩᠬᠡᠶᠢᠯᠡᠭᠴᠢ ᠤ᠊∙ᠬᠦᠷᠡᠯᠰᠦ᠋ᠬᠡ ᠥᠨᠥᠳᠥᠷ ᠵᠠᠬᠢᠷᠤᠮᠵᠢ ᠭᠠᠷᠭᠠᠵᠤ᠂ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠬᠠᠤᠯᠢ ᠡᠷᠬᠡ ᠵᠦᠢ ᠶᠢᠨ ᠪᠣᠳᠣᠯᠭ᠎ᠠ ᠶᠢᠨ ᠵᠥᠪᠯᠡᠬᠦ ᠪᠡᠷ ᠠ᠊∙ᠪᠢᠮᠪᠠᠵᠢᠷᠭᠠᠯ᠂ ᠡᠳ᠋ ᠦᠨ ᠵᠠᠰᠠᠭ ᠤᠨ ᠪᠣᠳᠣᠯᠭ᠎ᠠ ᠶᠢᠨ ᠵᠥᠪᠯᠡᠬᠦ ᠪᠡᠷ ᠪ∙ᠳᠠᠸᠠᠳᠠᠯᠠᠢ᠂ ᠭᠠᠳᠠᠭᠠᠳᠤ ᠪᠣᠳᠣᠯᠭ᠎ᠠ ᠶᠢᠨ ᠵᠥᠪᠯᠡᠬᠦ ᠪᠡᠷ ᠡ᠊∙ᠤᠳᠤᠪᠠᠶᠠᠷ᠂ ᠱᠠᠰᠢᠨ ᠤ ᠪᠣᠳᠣᠯᠭ᠎ᠠ ᠶᠢᠨ ᠵᠥᠪᠯᠡᠬᠦ ᠪᠡᠷ ᠳ∙ᠪᠤᠮᠠᠸ᠋ᠴᠢᠷ᠂ ᠪᠣᠯᠪᠠᠰᠤᠷᠠᠯ ᠰᠢᠨᠵᠢᠯᠡᠬᠦ ᠤᠬᠠᠭᠠᠨ ᠲᠧᠭᠨᠣᠯᠣᠭᠢ ᠶᠢᠨ ᠪᠣᠳᠣᠯᠭ᠎ᠠ ᠶᠢᠨ ᠵᠥᠪᠯᠡᠬᠦ ᠪᠡᠷ ᠴ∙ᠯᠣᠳᠤᠶᠢᠷᠠᠪᠰᠠᠯ ᠨᠠᠷ ᠢ ᠲᠣᠮᠢᠯᠠᠯ᠎ᠠ᠃
ᠪᠣᠯᠪᠠᠰᠤᠷᠠᠯ ᠰᠢᠨᠵᠢᠯᠡᠬᠦ ᠤᠬᠠᠭᠠᠨ ᠲᠧᠭᠨᠣᠯᠣᠭᠢ ᠶᠢᠨ ᠪᠣᠳᠣᠯᠭ᠎ᠠ ᠶᠢᠨ ᠵᠥᠪᠯᠡᠬᠦ ᠴ∙ᠯᠣᠳᠤᠶᠢᠷᠠᠪᠰᠠᠯ ᠨᠢ ᠮᠣᠩᠭᠣᠯ ᠤᠯᠤᠰ ᠤᠨ ᠶᠡᠬᠡ ᠰᠤᠷᠭᠠᠭᠤᠯᠢ ᠲᠡᠭᠦᠰᠦᠭᠰᠡᠨ ᠲᠧᠭᠨᠢᠭ ᠦᠨ ᠤᠬᠠᠭᠠᠨ ᠤ ᠳ᠋ᠣᠺᠲ᠋ᠣᠷ ᠤᠨ ᠵᠡᠷᠭᠡ ᠲᠡᠢ᠂ ᠮᠣᠩᠭᠣᠯ ᠤᠯᠤᠰ ᠤᠨ ᠶᠡᠬᠡ ᠰᠤᠷᠭᠠᠭᠤᠯᠢ ᠶᠢᠨ ᠳᠡᠳ᠋ ᠫᠷᠣᠹᠧᠰᠰᠣᠷ᠃ 2008-2014 ᠣᠨ ᠳᠤ ᠮᠣᠩᠭᠣᠯ ᠤᠯᠤᠰ ᠤᠨ ᠶᠡᠬᠡ ᠰᠤᠷᠭᠠᠭᠤᠯᠢ ᠶᠢᠨ ᠮᠡᠳᠡᠭᠡᠯᠡᠯ ᠦᠨ ᠲᠧᠭᠨᠣᠯᠣᠭᠢ ᠶᠢᠨ ᠰᠤᠷᠭᠠᠭᠤᠯᠢ ᠶᠢᠨ ᠵᠠᠬᠢᠷᠤᠯ᠂ 2014-2019 ᠣᠨ ᠳᠤ ᠮᠣᠩᠭᠣᠯ ᠤᠯᠤᠰ ᠤᠨ ᠶᠡᠬᠡ ᠰᠤᠷᠭᠠᠭᠤᠯᠢ ᠶᠢᠨ ᠬᠡᠷᠡᠭᠯᠡᠭᠡᠨ ᠦ ᠰᠢᠨᠵᠢᠯᠡᠬᠦ ᠤᠬᠠᠭᠠᠨ᠂ ᠢᠨᠵᠧᠨᠧᠷᠴᠢᠯᠡᠯ ᠦᠨ ᠰᠤᠷᠭᠠᠭᠤᠯᠢ ᠶᠢᠨ ᠳᠡᠳ᠋ ᠫᠷᠣᠹᠧᠰᠰᠣᠷ᠂ 2019-2021 ᠣᠨ ᠳᠤ ᠮᠣᠩᠭᠣᠯ ᠤᠯᠤᠰ ᠤᠨ ᠶᠡᠬᠡ ᠰᠤᠷᠭᠠᠭᠤᠯᠢ ᠦᠨ ᠳᠡᠳ᠋ ᠵᠠᠬᠢᠷᠤᠯ ᠢᠶᠠᠷ ᠲᠤᠰ ᠲᠤᠰ ᠠᠵᠢᠯᠯᠠᠵᠤ ᠪᠠᠶᠢᠭᠰᠠᠨ᠃
ᠱᠠᠰᠢᠨ ᠤ ᠪᠣᠳᠣᠯᠭ᠎ᠠ ᠶᠢᠨ ᠵᠥᠪᠯᠡᠬᠦ ᠳ∙ᠪᠤᠮᠠᠸ᠋ᠴᠢᠷ ᠨᠢ ᠮᠣᠩᠭᠣᠯ ᠬᠡᠯᠡ ᠪᠢᠴᠢᠭ ᠦᠨ ᠳᠡᠭᠡᠳᠦ ᠰᠤᠷᠭᠠᠭᠤᠯᠢ ᠂ ᠮᠣᠩᠭᠣᠯ ᠤᠯᠤᠰ ᠤᠨ ᠶᠡᠬᠡ ᠰᠤᠷᠭᠠᠭᠤᠯᠢ ᠶᠢ ᠲᠡᠭᠦᠰᠦᠭᠰᠡᠨ᠃ 2014-2015 ᠣᠨ ᠳᠤ ᠺᠠᠮᠪᠷᠢᠵ ᠶᠡᠬᠡ ᠰᠤᠷᠭᠠᠭᠤᠯᠢ ᠶᠢᠨ ᠮᠣᠩᠭᠣᠯ ᠪᠠ ᠳᠣᠲᠣᠭᠠᠳᠤ ᠠᠽᠢᠶ᠎ᠠ ᠰᠤᠳᠤᠯᠤᠯ ᠤᠨ ᠲᠥᠪ ᠦᠨ ᠵᠣᠴᠢᠨ ᠰᠤᠳᠤᠯᠤᠭᠠᠴᠢ᠂ 2015-2019 ᠣᠨ ᠳᠤ ᠯᠣᠨᠳᠣᠨ ᠺᠣᠯᠯᠧᠵᠢ ᠶᠡᠬᠡ ᠰᠤᠷᠭᠠᠭᠤᠯᠢ ᠶᠢᠨ ᠠᠨᠲᠷᠤᠫᠤᠯᠤᠭᠢ ᠶᠢᠨ ᠲᠡᠩᠬᠢᠮ ᠦᠨ《ᠰᠢᠨ᠎ᠡ ᠡᠳ᠋ ᠦᠨ ᠵᠠᠰᠠᠭ ᠲᠤ ᠡᠭᠦᠰᠴᠦ ᠪᠤᠢ ᠰᠡᠳᠦᠪ ᠦᠳ》ᠲᠥᠰᠥᠯ ᠦᠨ ᠰᠤᠳᠤᠯᠤᠭᠠᠴᠢ᠂ 2021 ᠣᠨ ᠳᠤ ᠮᠣᠩᠭᠣᠯ ᠤᠯᠤᠰ ᠤᠨ ᠰᠤᠶᠤᠯ ᠤᠨ ᠶᠠᠮᠤᠨ ᠤ ᠰᠠᠶᠢᠳ ᠤᠨ ᠠᠬᠠᠯᠠᠬᠤ ᠵᠥᠪᠯᠡᠬᠦ ᠪᠡᠷ ᠲᠤᠰ ᠲᠤᠰ ᠠᠵᠢᠯᠯᠠᠵᠤ ᠪᠠᠶᠢᠭᠰᠠᠨ᠃