ᠮᠣᠩᠭᠤᠯ ᠤᠯᠤᠰ ᠤᠨ ᠶᠡᠷᠦᠩᠬᠡᠶ ᠰᠠᠶᠢᠳ ᠯ᠊·ᠤᠶᠤᠡᠡᠷᠳᠡᠨᠢ 2021 ᠣᠨ ᠤ ᠳᠤᠯᠤᠳᠤᠭᠠᠷ ᠰᠠᠷ᠎ᠠ ᠶᠢᠨ 21 – 25 ᠳᠤ ᠶᠠᠫᠤᠨ ᠤᠯᠤᠰ ᠲᠤ ᠠᠵᠢᠯ ᠤᠨ ᠠᠶᠢᠯᠴᠢᠯᠠᠯ ᠬᠢᠵᠦ᠂ ᠤᠯᠢᠮᠫᠢᠺ ᠤᠨ ᠨᠠᠭᠠᠳᠤᠮ ᠤᠨ ᠨᠡᠭᠡᠭᠡᠯᠲᠡ ᠳᠤ ᠣᠷᠣᠯᠴᠠᠨ᠎ᠠ᠃
ᠶᠡᠷᠦᠩᠬᠡᠶ ᠰᠠᠶᠢᠳ ᠯ᠊·ᠤᠶᠤᠡᠡᠷᠳᠡᠨᠢ ᠶᠠᠫᠤᠨ ᠤᠯᠤᠰ ᠤᠨ ᠶᠡᠷᠦᠩᠬᠡᠶ ᠰᠠᠶᠢᠳ ᠶᠣ ·ᠰᠤᠭᠠ ᠲᠠᠢ ᠠᠯᠪᠠᠨ ᠶᠣᠰᠣᠨ ᠤ ᠠᠭᠤᠯᠵᠠᠯᠲᠠ ᠬᠢᠵᠦ᠂ ᠬᠤᠶᠠᠷ ᠲᠠᠯ᠎ᠠ ᠶᠢᠨ ᠬᠠᠷᠢᠯᠴᠠᠭ᠎ᠠ᠂ ᠣᠯᠠᠨ ᠤᠯᠤᠰ᠂ ᠪᠦᠰᠡ ᠨᠤᠲᠤᠭ ᠤᠨ ᠬᠠᠮᠲᠤ ᠶᠢᠨ ᠠᠵᠢᠯᠯᠠᠭᠠᠨ ᠤ ᠥᠷᠭᠡᠨ ᠬᠦᠷᠢᠶ᠎ᠡ ᠲᠠᠢ ᠠᠰᠠᠭᠤᠳᠠᠯ ᠢᠶᠠᠷ ᠰᠠᠨᠠᠯ ᠰᠣᠯᠢᠯᠴᠠᠨ᠎ᠠ᠃ ᠮᠦᠨ ᠲᠡᠷᠡ ᠶᠠᠫᠣᠨ ᠤ ᠡᠷᠭᠡ ᠪᠠᠷᠢᠭᠴᠢ ᠯᠢᠪᠧᠷᠠᠯ ᠠᠷᠠᠳᠴᠢᠯᠠᠭᠰᠠᠨ ᠨᠠᠮ ᠤᠨ ᠤᠳᠦᠷᠢᠳᠦᠯᠭ᠎ᠠ᠂ ᠶᠠᠫᠤᠨ ᠤᠯᠤᠰ ᠤᠨ ᠫᠠᠷᠯᠠᠮᠧᠨ᠋ᠲ ᠲᠤ ᠬᠢ ᠨᠠᠶᠢᠷᠠᠮᠳᠠᠯ ᠤᠨ ᠪᠦᠯᠦᠭ ᠤᠨ ᠤᠳᠤᠷᠢᠳᠤᠯᠭ᠎ᠠ ᠲᠠᠢ ᠠᠭᠤᠯᠵᠠᠵᠤ᠂ ᠰᠠᠨᠠᠯ ᠰᠣᠯᠢᠯᠴᠠᠨ᠎ᠠ᠃