ᠦᠨᠳᠦᠰᠦᠨ ᠦ ᠰᠲ᠋ᠠᠲ᠋ᠢᠰᠲ᠋ᠢᠺ ᠤᠨ ᠬᠤᠷᠢᠶᠠᠨ ᠠᠴᠠ ᠭᠠᠷᠭᠠᠭᠰᠠᠨ 2021 ᠣᠨ ᠤ ᠬᠠᠭᠠᠰ ᠵᠢᠯ ᠤᠨ ᠮᠡᠳᠡᠭᠡᠯᠡᠯ ᠢᠶᠠᠷ ᠮᠥᠩᠭᠦᠨ ᠤ ᠨᠡᠶᠢᠯᠡᠭᠦᠯᠦᠯᠲᠡ ᠡᠨᠡ ᠣᠨ ᠤ 6 ᠳ᠋ᠤᠭᠠᠷ ᠰᠠᠷ᠎ᠠ ᠶᠢᠨ ᠡᠴᠦᠰ ᠲᠤ ᠤᠷᠢᠳᠴᠢᠯᠠᠭᠰᠠᠨ ᠭᠦᠢᠴᠡᠳᠬᠡᠯ ᠢᠶᠠᠷ 27.6 ᠶᠡᠭᠡ ᠨᠠᠶᠤᠳ ᠲᠥᠭᠦᠷᠢᠭ ᠪᠣᠯᠵᠠᠢ᠃ ᠡᠭᠦᠨ ᠢ ᠡᠮᠦᠨᠡᠬᠢ ᠣᠨ ᠤ ᠮᠦᠠ ᠦᠶ᠎ᠡ ᠲᠠᠢ ᠬᠠᠷᠢᠴᠠᠭᠤᠯᠬᠤ ᠳᠤ 29.2 ᠬᠤᠪᠢ ᠪᠠᠷ ᠥᠰᠴᠡᠢ᠃
ᠠᠵᠤ ᠠᠬᠤᠢ ᠶᠢᠨ ᠨᠢᠭᠡᠴᠢ ᠪᠠᠶᠢᠭᠤᠯᠤᠯᠤᠭ᠎ᠠ᠂ ᠢᠷᠭᠡᠳ ᠲᠤ ᠣᠯᠭᠤᠭᠰᠠᠨ ᠨᠡᠶᠢᠲᠡ ᠵᠢᠭᠡᠯᠡ ᠶᠢᠨ ᠥᠷᠢ ᠶᠢᠨ ᠦᠯᠡᠳᠡᠭᠳᠡᠯ ᠡᠨᠡ ᠣᠨ ᠤ 6 ᠳ᠋ᠤᠭᠠᠷ ᠰᠠᠷ᠎ᠠ ᠶᠢᠨ ᠡᠴᠦᠰ ᠲᠤ 19.2 ᠶᠡᠭᠡ ᠨᠠᠶᠤᠳ ᠲᠥᠭᠦᠷᠢᠭ ᠪᠣᠯᠵᠤ᠂ ᠡᠮᠦᠨᠡᠬᠢ ᠣᠨ ᠤ ᠮᠦᠠ ᠦᠶ᠎ᠡ ᠠᠴᠠ 1.8 ᠶᠡᠭᠡ ᠨᠠᠶᠤᠳ ᠲᠥᠭᠦᠷᠢᠭ ᠢᠶᠠᠷ ᠥᠰᠦᠭᠰᠡᠨ ᠪᠠᠶᠢᠨ᠎ᠡ᠃ ᠨᠡᠶᠢᠲᠡ ᠵᠢᠭᠡᠯᠡ ᠶᠢᠨ ᠥᠷᠢ ᠶᠢᠨ ᠦᠯᠡᠳᠡᠭᠳᠡᠯ ᠤᠨ 9.5 ᠶᠡᠭᠡ ᠨᠠᠶᠤᠳ ᠲᠥᠭᠦᠷᠢᠭ ᠨᠢ ᠢᠷᠭᠡᠳ ᠤᠨ ᠬᠢ ᠪᠠᠶᠢᠨ᠎ᠡ᠃
ᠬᠡᠪ ᠤᠨ ᠵᠢᠭᠡᠯᠡ ᠶᠢᠨ ᠥᠷᠢ ᠶᠢᠨ ᠦᠯᠡᠳᠡᠭᠳᠡᠯ 6 ᠳ᠋ᠤᠭᠠᠷ ᠰᠠᠷ᠎ᠠ ᠶᠢᠨ ᠡᠴᠦᠰ ᠲᠤ 16 ᠶᠡᠭᠡ ᠨᠠᠶᠤᠳ ᠲᠥᠭᠦᠷᠢᠭ ᠪᠣᠯᠵᠤ᠂ ᠡᠮᠦᠨᠡᠬᠢ ᠣᠨ ᠤ ᠮᠦᠠ ᠦᠶ᠎ᠡ ᠠᠴᠠ 1.6 ᠶᠡᠭᠡ ᠨᠠᠶᠤᠳ ᠲᠥᠭᠦᠷᠢᠭ ᠢᠶᠠᠷ ᠥᠰᠴᠡᠢ᠃ ᠬᠡᠪ ᠤᠨ ᠵᠢᠭᠡᠯᠡ ᠶᠢᠨ ᠥᠷᠢ ᠶᠢᠨ ᠦᠯᠡᠳᠡᠭᠳᠡᠯ ᠨᠡᠶᠢᠲᠡ ᠵᠢᠭᠡᠯᠡ ᠶᠢᠨ ᠥᠷᠢ ᠶᠢᠨ ᠦᠯᠡᠳᠡᠭᠳᠡᠯ ᠤᠨ 83.6 ᠬᠤᠪᠢ ᠶᠢ ᠡᠵᠡᠯᠡᠵᠦ᠂ ᠡᠮᠦᠨᠡᠬᠢ ᠣᠨ ᠤ ᠮᠦᠠ ᠦᠶ᠎ᠡ ᠠᠴᠠ 0.4 ᠹᠦᠩᠺᠲ ᠢᠶᠡᠷ ᠥᠰᠴᠡᠢ᠃
ᠬᠤᠭᠤᠴᠠᠭ᠎ᠠ ᠬᠡᠲᠦᠷᠡᠭᠰᠡᠨ ᠵᠢᠭᠡᠯᠡ ᠶᠢᠨ ᠥᠷᠢ ᠶᠢᠨ ᠦᠯᠡᠳᠡᠭᠳᠡᠯ 6 ᠳ᠋ᠤᠭᠠᠷ ᠰᠠᠷ᠎ᠠ ᠶᠢᠨ ᠡᠴᠦᠰ ᠲᠤ 1.2 ᠶᠡᠭᠡ ᠨᠠᠶᠤᠳ ᠲᠥᠭᠦᠷᠢᠭ ᠪᠣᠯᠵᠤ᠂ ᠡᠮᠦᠨᠡᠬᠢ ᠣᠨ ᠤ ᠮᠦᠠ ᠦᠶ᠎ᠡ ᠠᠴᠠ 182.7 ᠲᠡᠷᠪᠤᠮ ᠲᠥᠭᠦᠷᠢᠭ ᠢᠶᠠᠷ ᠥᠰᠦᠭᠰᠡᠨ ᠪᠠᠶᠢᠨ᠎ᠡ᠃ ᠪᠠᠩᠬᠢᠨ ᠤ ᠰᠢᠰᠲ᠋ᠧᠮ ᠤᠨ ᠬᠡᠮᠵᠢᠶ᠎ᠡ ᠪᠠᠷ ᠴᠢᠨᠠᠷ ᠦᠭᠡᠶ ᠵᠢᠭᠡᠯᠡ 2021 ᠣᠨ ᠤ 6 ᠳ᠋ᠤᠭᠠᠷ ᠰᠠᠷ᠎ᠠ ᠶᠢᠨ ᠡᠴᠦᠰ ᠲᠤ 2 ᠶᠡᠭᠡ ᠨᠠᠶᠤᠳ ᠲᠥᠭᠦᠷᠢᠭ ᠪᠣᠯᠵᠤ᠂ ᠡᠮᠦᠨᠡᠬᠢ ᠣᠨ ᠤ ᠮᠦᠠ ᠦᠶ᠎ᠡ ᠠᠴᠠ 37.1 ᠲᠡᠷᠪᠤᠮ ᠲᠥᠭᠦᠷᠢᠭ ᠢᠶᠠᠷ ᠥᠰᠦᠭᠰᠡᠨ ᠪᠠᠶᠢᠨ᠎ᠡ᠃