ᠨᠡᠶᠢᠭᠡᠮ ᠤᠨ ᠬᠠᠮᠠᠭᠠᠯᠠᠯ ᠤᠨ ᠲᠤᠬᠠᠢ ᠮᠣᠩᠭᠣᠯ᠂ ᠲᠦᠷᠺ ᠤᠯᠤᠰ ᠤᠨ ᠬᠣᠭᠣᠷᠣᠨᠳᠣ ᠶᠢᠨ ᠬᠡᠯᠡᠯᠴᠡᠭᠡᠷ ᠢ ᠬᠡᠷᠡᠭᠵᠢᠭᠦᠯᠬᠦ ᠲᠠᠯ᠎ᠠ ᠪᠠᠷ ᠬᠣᠶᠠᠷ ᠤᠯᠤᠰ ᠤᠨ ᠲᠥᠯᠥᠭᠡᠯᠡᠯ ᠥᠨᠥᠳᠥᠷ ᠴᠠᠬᠢᠮ ᠢᠶᠠᠷ ᠠᠭᠤᠯᠵᠠᠯ᠎ᠠ᠃ ᠠᠭᠤᠯᠵᠠᠯᠲᠠ ᠳᠤ ᠬᠥᠳᠡᠯᠮᠦᠷᠢ ᠨᠡᠶᠢᠭᠡᠮ ᠤᠨ ᠬᠠᠮᠠᠭᠠᠯᠠᠯ ᠤᠨ ᠶᠠᠮᠤᠨ ᠤ ᠳᠡᠳ᠋ ᠰᠠᠶᠢᠳ ᠰ∙ᠽᠤᠯᠫᠢᠬᠠᠷ᠂ ᠮᠣᠩᠭᠣᠯ ᠤᠯᠤᠰ ᠠᠴᠠ ᠪᠦᠭᠦᠳᠡ ᠨᠠᠢᠷᠠᠮᠳᠠᠬᠤ ᠲᠦᠷᠺ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠤ ᠨᠢᠭᠡᠳᠦᠭᠡᠷ ᠨᠠᠷᠢᠨ ᠪᠢᠴᠢᠭ ᠦᠨ ᠳᠠᠷᠤᠭ᠎ᠠ ᠮ∙ᠨᠠᠷᠠᠨ᠂ ᠪᠦᠭᠦᠳᠡ ᠨᠠᠢᠷᠠᠮᠳᠠᠬᠤ ᠲᠦᠷᠺ ᠤᠯᠤᠰ ᠦᠨ ᠲᠠᠯ᠎ᠠ ᠠᠴᠠ ᠬᠥᠳᠡᠯᠮᠦᠷᠢ᠂ ᠨᠡᠶᠢᠭᠡᠮ ᠤᠨ ᠬᠠᠮᠠᠭᠠᠯᠠᠯ ᠤᠨ ᠳᠡᠳ᠋ ᠰᠠᠶᠢᠳ ᠠᠬᠠᠮᠸᠲ ᠡᠷᠳᠡᠮ ᠨᠠᠷ ᠤᠷᠤᠯᠴᠠᠪᠠ᠃
ᠠᠭᠤᠯᠵᠠᠯᠲᠠ ᠪᠠᠷ ᠨᠡᠶᠢᠭᠡᠮ ᠤᠨ ᠬᠠᠮᠠᠭᠠᠯᠠᠯ ᠤᠨ ᠲᠤᠬᠠᠢ ᠮᠣᠩᠭᠣᠯ ᠲᠦᠷᠺ ᠤᠯᠤᠰ ᠤᠨ ᠬᠣᠭᠣᠷᠣᠨᠳᠣ ᠶᠢᠨ ᠬᠡᠯᠡᠯᠴᠡᠭᠡᠷ ᠢ ᠬᠡᠷᠡᠭᠵᠢᠭᠦᠯᠬᠦ ᠳᠦ ᠠᠰᠢᠭᠯᠠᠬᠤ ᠮᠠᠶ᠋ᠢᠭᠲᠤ ᠨᠤᠭᠤᠳ ᠤᠨ ᠲᠥᠰᠥᠯ ᠢ ᠬᠡᠯᠡᠯᠴᠡᠪᠡ᠃ ᠤᠭ ᠮᠠᠶ᠋ᠢᠭᠲᠤ ᠨᠤᠭᠤᠳ ᠢ ᠡᠴᠦᠰᠯᠡᠨ ᠪᠠᠲᠤᠯᠠᠭᠰᠠᠨ ᠢᠶᠠᠷ ᠮᠣᠩᠭᠣᠯ ᠤᠯᠤᠰ ᠪᠣᠯᠤᠨ ᠲᠦᠷᠺ ᠤᠯᠤᠰ ᠲᠤ ᠠᠵᠢᠯᠯᠠᠵᠤ᠂ ᠠᠮᠢᠳᠤᠷᠠᠵᠤ ᠪᠠᠶᠢᠭ᠎ᠠ ᠬᠣᠶᠠᠷ ᠤᠯᠤᠰ ᠤᠨ ᠢᠷᠭᠡᠳ ᠬᠠᠤᠯᠢ ᠲᠣᠭᠲᠠᠭᠠᠮᠵᠢ ᠶᠢᠨ ᠳᠠᠭᠠᠤ ᠲᠡᠳᠬᠦᠪᠦᠷᠢ᠂ ᠲᠡᠳᠬᠦᠮᠵᠢ ᠲᠣᠭᠲᠠᠭᠠᠯᠭᠠᠨ ᠠᠪᠬᠤ ᠨᠥᠬᠥᠴᠡᠯ ᠪᠥᠷᠢᠳᠴᠦ᠂ ᠨᠡᠶᠢᠭᠡᠮ ᠤᠨ ᠪᠠᠲᠤᠯᠠᠭ᠎ᠠ ᠶᠢ ᠬᠠᠩᠭᠠᠬᠤ ᠶᠤᠮ᠃ ᠬᠡᠯᠡᠯᠴᠡᠭᠡᠷ ᠢᠶᠡᠷ ᠬᠣᠶᠠᠷ ᠤᠯᠤᠰ ᠤᠨ ᠢᠷᠭᠡᠳ ᠦᠨ ᠲᠡᠳᠬᠦᠪᠦᠷᠢ ᠶᠢᠨ ᠳᠠᠭᠠᠳᠬᠠᠯ ᠤᠨ ᠰᠢᠮᠡᠳᠭᠡᠯ ᠲᠥᠯᠦᠭᠰᠡᠨ ᠬᠤᠭᠤᠴᠠᠭ᠎ᠠ ᠶᠢ ᠨᠢᠭᠡᠳᠬᠡᠨ ᠲᠣᠭᠠᠴᠠᠬᠤ᠂ ᠥᠨᠳᠥᠷ ᠨᠠᠰᠤᠨ ᠤ᠂ ᠲᠠᠬᠢᠷ ᠳᠤᠲᠠᠭᠤ ᠶᠢᠨ᠂ ᠲᠡᠵᠢᠭᠡᠭᠴᠢ ᠪᠡᠨ ᠠᠯᠳᠠᠭᠰᠠᠨ ᠤ᠂ ᠮᠡᠷᠭᠡᠵᠢᠯ ᠡᠴᠡ ᠰᠢᠯᠲᠠᠭᠠᠯᠠᠭᠰᠠᠨ ᠡᠪᠡᠳᠴᠢᠨ ᠦ ᠲᠡᠳᠬᠦᠪᠦᠷᠢ᠂ ᠬᠥᠳᠡᠯᠮᠦᠷᠢ ᠶᠢᠨ ᠴᠢᠳᠠᠪᠤᠷᠢ ᠲᠦᠷ ᠠᠯᠳᠠᠭᠰᠠᠨ ᠤ᠂ ᠵᠢᠷᠮᠦᠰᠦᠨ ᠦ ᠪᠣᠯᠤᠨ ᠠᠮᠤᠷᠵᠢᠭᠰᠠᠨ ᠤ᠂ ᠣᠷᠣᠰᠢᠭᠤᠯᠭ᠎ᠠ ᠶᠢᠨ ᠲᠡᠳᠬᠦᠮᠵᠢ ᠲᠣᠭᠲᠠᠭᠠᠵᠤ ᠣᠯᠭᠣᠬᠤ ᠵᠡᠷᠭᠡ ᠬᠠᠷᠢᠯᠴᠠᠭ᠎ᠠ ᠶᠢ ᠵᠣᠬᠢᠴᠠᠭᠤᠯᠵᠤ ᠪᠠᠶᠢᠨ᠎ᠠ᠃