ᠬᠤᠳᠠᠯᠳᠤᠭᠠᠨ ᠤ ᠰᠠᠯᠪᠤᠷᠢ ᠶᠢᠨ ᠨᠡᠶᠢᠲᠡ ᠪᠣᠷᠣᠯᠠᠭᠤᠯᠤᠯᠲᠠ ᠡᠨᠡ ᠣᠨ ᠤ ᠡᠬᠢᠨ ᠦ ᠬᠠᠭᠠᠰ ᠵᠢᠯ ᠳᠦ 11.9 ᠶᠡᠬᠡ ᠨᠠᠶᠤᠳ ᠲᠥᠭᠥᠷᠢᠭ ᠪᠣᠯᠵᠤ᠂ ᠡᠮᠦᠨᠡᠬᠢ ᠣᠨ ᠤ ᠮᠥᠨ ᠦᠶ᠎ᠡ ᠡᠴᠡ 2.1︵21.2 ᠬᠤᠪᠢ︶ ᠶᠡᠬᠡ ᠨᠠᠶᠤᠳ ᠲᠥᠭᠥᠷᠢᠭ ᠢᠶᠡᠷ ᠨᠡᠮᠡᠭᠳᠡᠯ᠎ᠡ᠃ ᠡᠨᠳᠡ ᠬᠦᠨᠡᠰᠦ᠂ ᠤᠮᠳᠠᠭ᠎ᠠ᠂ ᠲᠠᠮᠠᠬᠢᠨ ᠤ ᠬᠤᠳᠠᠯᠳᠤᠭ᠎ᠠ᠂ ᠰᠢᠲᠠᠬᠤᠨ ᠤ ᠬᠤᠳᠠᠯᠳᠤᠭ᠎ᠠ ᠂ ᠬᠦᠨᠡᠰᠦᠨ ᠦ ᠲᠥᠷᠦᠯᠵᠢᠭᠰᠡᠨ ᠳᠡᠯᠭᠡᠭᠦᠷ ᠦᠨ ᠵᠢᠵᠢᠭᠯᠡᠨ ᠬᠤᠳᠠᠯᠳᠤᠭ᠎ᠠ ᠂ ᠮᠤᠲ᠋ᠤᠷᠲᠤ ᠲᠡᠭᠡᠭᠡᠪᠦᠷᠢ ᠶᠢᠨ ᠬᠡᠷᠡᠭᠰᠡᠯ ᠦᠨ ᠬᠤᠳᠠᠯᠳᠤᠭ᠎ᠠ ᠨᠡᠮᠡᠭᠳᠡᠭᠰᠡᠨ ᠨᠢ ᠨᠥᠯᠦᠭᠡᠯᠡᠵᠡᠢ᠃
ᠬᠤᠳᠠᠯᠳᠤᠭᠠᠨ ᠤ ᠰᠠᠯᠪᠤᠷᠢ ᠶᠢᠨ ᠪᠣᠷᠣᠯᠠᠭᠤᠯᠤᠯᠲᠠ ᠶᠢᠨ ᠣᠷᠣᠯᠭ᠎ᠠ ᠶᠢᠨ ᠡᠨᠡ ᠬᠠᠭᠠᠰ ᠵᠢᠯ ᠳᠦ 38.2 ᠬᠤᠪᠢ ᠨᠢ ᠪᠦᠭᠡᠮ ᠦᠨ ᠬᠤᠳᠠᠯᠳᠤᠭ᠎ᠠ᠂ 61.8 ᠬᠤᠪᠢ ᠨᠢ ᠵᠢᠵᠢᠭᠯᠡᠨ ᠬᠤᠳᠠᠯᠳᠤᠭᠠᠨ ᠤ ᠰᠠᠯᠪᠤᠷᠢ ᠳᠤ ᠨᠣᠭᠳᠠᠵᠤ ᠪᠠᠶᠢᠭ᠎ᠠ ᠶᠢ ᠦᠨᠳᠦᠰᠦᠨ ᠦ ᠰᠲ᠋ᠠᠲ᠋ᠢᠰᠲ᠋ᠢᠺ ᠤᠨ ᠬᠣᠷᠢᠶ᠎ᠠ ᠮᠡᠳᠡᠭᠡᠯᠡᠪᠡ᠃
ᠬᠤᠳᠠᠯᠳᠤᠭᠠᠨ ᠤ ᠰᠠᠯᠪᠤᠷᠢ ᠶᠢᠨ ᠨᠡᠶᠢᠲᠡ ᠪᠣᠷᠣᠯᠠᠭᠤᠯᠤᠯᠲᠠ ᠶᠢᠨ 83.6 ᠬᠤᠪᠢ ᠨᠢ ᠤᠯᠠᠭᠠᠨᠪᠠᠭᠠᠲᠤᠷ ᠬᠤᠲᠠ ᠳᠤ ᠨᠣᠭᠳᠠᠵᠤ ᠪᠠᠶᠢᠨ᠎ᠠ᠃ ᠡᠮᠦᠨᠡᠭᠣᠪᠢ ᠠᠶᠢᠮᠠᠭ ᠤᠨ ᠬᠤᠳᠠᠯᠳᠤᠭᠠᠨ ᠤ ᠪᠣᠷᠣᠯᠠᠭᠤᠯᠤᠯᠲᠠ ᠡᠨᠡ ᠣᠨ ᠤ ᠡᠬᠢᠨ ᠦ ᠬᠠᠭᠠᠰ ᠵᠢᠯ ᠳᠦ 329.2 ᠲᠡᠷᠪᠤᠮ ᠲᠥᠭᠦᠷᠢᠭ ᠪᠣᠯᠵᠤ᠂ ᠠᠶᠢᠮᠠᠭ ︵ᠤᠯᠠᠭᠠᠨᠪᠠᠭᠠᠲᠤᠷ ᠬᠣᠲᠠ ᠶᠢ ᠣᠷᠣᠭᠤᠯᠤᠭ᠎ᠠ ᠦᠭᠡᠢ︶ ᠦᠳ ᠤᠨ ᠪᠣᠷᠣᠯᠠᠭᠤᠯᠤᠯᠲᠠ ᠶᠢᠨ ᠨᠡᠶᠢᠲᠡ ᠳ᠋ᠦᠩ ᠳᠦ 16.9 ᠬᠤᠪᠢ ᠶᠢ ᠡᠵᠡᠯᠡᠵᠡᠢ᠃