ᠰᠦᠬᠡᠪᠠᠭᠠᠲᠤᠷ ᠠᠶᠢᠮᠠᠭ 35 ᠮᠢᠩᠭᠠᠨ ᠭᠠ ᠲᠠᠯᠠᠪᠠᠢ ᠳᠤ ᠦᠷ᠎ᠡ ᠲᠠᠷᠢᠶ᠎ᠠ ᠪᠣᠯᠤᠨ ᠲᠥᠮᠥᠰᠥ ᠬᠦᠨᠡᠰᠦᠨ ᠦ ᠨᠣᠭᠣᠭ᠎ᠠ ᠲᠠᠷᠢᠶᠠᠯᠠᠳᠠᠭ᠃ ᠡᠭᠦᠨ ᠦ 500 ᠭᠠ ᠲᠠᠯᠠᠪᠠᠢ ᠶᠢ ᠲᠥᠮᠥᠰᠥ᠂ ᠬᠦᠨᠡᠰᠦᠨ ᠦ ᠨᠣᠭᠣᠭᠠᠨ ᠤ ᠵᠣᠷᠢᠭᠤᠯᠤᠯᠲᠠ ᠪᠠᠷ ᠠᠰᠢᠭᠯᠠᠳᠠᠭ᠃ ᠡᠨᠡ ᠵᠢᠯ ᠠᠶᠢᠮᠠᠭ ᠤᠨ ᠬᠡᠮᠵᠢᠶᠡᠨ ᠳᠦ 12 ᠮᠢᠩᠭᠠᠨ ᠣᠷᠴᠢᠮ ᠭᠠ ᠲᠠᠯᠠᠪᠠᠢ ᠳᠤ ᠲᠠᠷᠢᠶᠠᠯᠠᠯᠲᠠ ᠬᠢᠵᠡᠢ᠃
ᠡᠨᠡ ᠵᠢᠯ ᠪᠣᠷᠣᠭ᠎ᠠ ᠤᠷᠤᠢᠲᠠᠵᠤ ᠣᠷᠣᠭᠰᠠᠨ ᠬᠡᠳᠦᠢ ᠴᠤ ᠤᠷᠭᠤᠴᠠ ᠳᠤ ᠥᠭᠬᠦ ᠦᠷ᠎ᠡ ᠦᠭᠭᠦᠭᠡᠵᠢ ᠨᠢ ᠰᠠᠶᠢᠨ᠂ ᠤᠷᠭᠤᠴᠠ ᠶᠢᠨ ᠤᠷᠢᠳᠴᠢᠯᠠᠭᠰᠠᠨ ᠤᠨᠠᠯᠲᠠ ᠶᠢ ᠲᠣᠳᠣᠷᠬᠠᠶᠢᠯᠠᠬᠤ ᠳᠤ ᠡᠮᠦᠨᠡᠬᠢ ᠵᠢᠯ ᠦᠳ ᠡᠴᠡ ᠠᠬᠢᠭᠤ ᠤᠷᠭᠤᠴᠠ ᠲᠠᠢ ᠭᠡᠰᠡᠨ ᠳ᠋ᠦᠩᠨᠡᠯᠲᠡ ᠭᠠᠷᠤᠭᠰᠠᠨ ᠪᠠᠢᠨ᠎ᠠ᠃
ᠤᠯᠠᠭᠠᠨ ᠪᠤᠭᠤᠳᠠᠢ ᠶᠢᠨ ᠤᠷᠭᠤᠯᠲᠠ ᠭᠦᠢᠴᠡᠭᠰᠡᠨ ᠤᠴᠢᠷ ᠬᠤᠷᠢᠶᠠᠯᠲᠠ ᠶᠢ ᠬᠡᠳᠦ ᠬᠣᠨᠣᠭ ᠤᠨ ᠡᠮᠦᠨ᠎ᠡ ᠡᠬᠢᠯᠡᠭᠦᠯᠵᠡᠢ᠃ ᠠᠶᠢᠮᠠᠭ ᠤᠨ ᠬᠡᠮᠵᠢᠶᠡᠨ ᠳᠦ ᠦᠷ᠎ᠡ ᠲᠠᠷᠢᠶᠠᠨ ᠤ ᠴᠢᠭᠯᠡᠯ ᠢᠶᠡᠷ ᠦᠢᠯᠡ ᠠᠵᠢᠯᠯᠠᠭ᠎ᠠ ᠶᠠᠪᠤᠭᠤᠯᠳᠠᠭ 8 ᠠᠵᠤ ᠠᠬᠤᠢ ᠶᠢᠨ ᠨᠢᠭᠡᠴᠢ᠂ ᠡᠷᠦᠬᠡ ᠶᠢᠨ ᠲᠠᠷᠢᠶᠠᠯᠠᠩ ᠡᠷᠬᠢᠯᠡᠭᠴᠢ 130 ᠣᠷᠴᠢᠮ ᠡᠷᠦᠬᠡ᠂ ᠨᠥᠬᠥᠷᠯᠡᠯ ᠬᠣᠷᠰᠢᠶ᠎ᠠ 15 ᠠᠵᠢᠯᠯᠠᠵᠤ ᠪᠠᠶᠢᠨ᠎ᠠ᠃