ᠮᠣᠩᠭᠣᠯ ᠤᠯᠤᠰ ᠤᠨ ᠶᠡᠷᠦᠩᠬᠡᠶᠢᠯᠡᠭᠴᠢ ᠤ᠊∙ᠬᠦᠷᠡᠯᠰᠦ᠋ᠬᠡ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠬᠥᠭᠵᠢᠯ ᠦᠨ ᠬᠥᠲᠥᠯᠪᠦᠷᠢ ᠶᠢᠨ ᠵᠠᠬᠢᠷᠤᠭᠴᠢ ᠠᠺᠢᠮ ᠱᠲ᠋ᠠᠢᠨᠧᠷ ᠥᠨᠥᠳᠥᠷ ᠨᠦᠷ ᠶᠤᠷᠺ ᠢᠣᠷᠺ ᠬᠤᠲᠠ ᠳᠤ ᠠᠭᠤᠯᠵᠠᠯᠲᠠ ᠬᠢᠵᠦ᠂ ᠣᠶᠢᠷ᠎ᠠ ᠶᠢᠨ ᠬᠤᠭᠤᠴᠠᠭᠠᠨ ᠳᠤ ᠬᠡᠷᠡᠭᠵᠢᠭᠦᠯᠬᠦ ᠠᠵᠢᠯ ᠤᠨ ᠲᠠᠯ᠎ᠠ ᠪᠠᠷ ᠶᠠᠷᠢᠯᠴᠠᠪᠠ᠃
ᠮᠥᠨ ᠨᠣᠭᠣᠭᠠᠨ ᠬᠥᠭᠵᠢᠯ ᠦᠨ ᠲᠠᠯ᠎ᠠ ᠪᠠᠷ ᠮᠣᠩᠭᠣᠯ ᠤᠯᠤᠰ ᠤᠨ ᠵᠠᠰᠠᠭ ᠤᠨ ᠭᠠᠵᠠᠷ ᠲᠠᠢ ᠵᠠᠷᠢᠮ ᠲᠣᠬᠢᠷᠠᠯᠴᠠᠭᠠᠨ ᠳᠤ ᠬᠦᠷᠴᠦ᠂ ᠭᠠᠷ ᠤᠨ ᠦᠰᠦᠭ ᠵᠢᠷᠤᠭᠰᠠᠨ ᠪᠠ ᠴᠢᠨᠠᠭᠰᠢᠳᠠ ᠪᠠᠨ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠬᠢᠬᠦ ᠪᠡᠷ ᠲᠥᠯᠥᠪᠯᠡᠵᠦ ᠪᠠᠶᠢᠭ᠎ᠠ ᠠᠵᠢᠯ ᠢ ᠨᠢᠭᠡᠳᠦᠭᠰᠡᠨ ᠦᠨᠳᠦᠰᠦᠨ ᠦ ᠪᠠᠶᠢᠭᠤᠯᠤᠯᠭ ᠶᠢᠨ ᠬᠥᠭᠵᠢᠯ ᠦᠨ ᠬᠥᠲᠥᠯᠪᠦᠷᠢ ᠳᠡᠮᠵᠢᠬᠦ ᠡᠷᠡᠮᠡᠯᠵᠡᠯ ᠲᠡᠢ ᠪᠠᠶᠢᠭ᠎ᠠ ᠪᠠᠨ ᠨᠣᠶᠠᠨ ᠠᠺᠢᠮ ᠱᠲ᠋ᠠᠢᠨᠧᠷ ᠢᠯᠡᠷᠬᠡᠶᠢᠯᠡᠯ᠎ᠡ᠃