ᠣᠨᠴᠠᠭᠠᠢ ᠪᠠᠶᠢᠳᠠᠯ ᠤᠨ ᠶᠡᠷᠦᠩᠬᠡᠢ ᠭᠠᠵᠠᠷ ᠠᠴᠠ ᠣᠷᠣᠰ ᠤᠨ ᠪᠠᠶᠢᠭᠠᠯ ᠤᠨ ᠡᠷᠢᠨ ᠬᠠᠶᠢᠬᠤ᠂ ᠠᠪᠤᠷᠠᠬᠤ ᠣᠲᠷᠢᠶᠠᠳ᠋ ᠲᠠᠢ ᠬᠠᠮᠲᠤᠷᠠᠨ 《ᠬᠥᠪᠰᠥᠭᠥᠯ ᠨᠠᠭᠤᠷ ᠲᠤ ᠵᠢᠪᠦᠭᠰᠡᠨ ᠲᠧᠭᠨᠢᠭ ᠬᠡᠷᠡᠭᠰᠡᠯ ᠢ ᠢᠯᠡᠷᠡᠭᠦᠯᠬᠦ ᠰᠤᠷᠭᠠᠯᠲᠠ᠂ ᠰᠤᠳᠤᠯᠭ᠎ᠠ ᠬᠠᠮᠲᠤᠷᠠᠭᠰᠠᠨ ᠳᠠᠳᠤᠯᠭ᠎ᠠ》 ᠶᠢ ᠵᠣᠬᠢᠶᠠᠨ ᠪᠠᠶᠢᠭᠤᠯᠵᠤ᠂ ᠰᠤᠷᠭᠠᠯᠲᠠ ᠳᠤ ᠤᠷᠤᠯᠴᠠᠭᠰᠠᠨ ᠠᠯᠪᠠ ᠬᠠᠭᠠᠭᠴᠢᠳ ᠲᠤ ᠭᠡᠷᠡᠴᠢᠯᠡᠭᠡ ᠭᠠᠷᠳᠠᠭᠤᠯᠤᠯ᠎ᠠ᠃
ᠰᠤᠷᠭᠠᠯᠲᠠ ᠳᠤ 38 ᠠᠯᠪᠠ ᠬᠠᠭᠠᠭᠴᠢ ᠬᠠᠮᠤᠷᠤᠭᠳᠠᠵᠤ᠂ ᠣᠨᠣᠯ ᠤᠨ ᠪᠣᠯᠤᠨ ᠳᠠᠳᠤᠯᠭ᠎ᠠ ᠰᠤᠷᠭᠠᠭᠤᠯᠢ ᠶᠢ ᠬᠠᠮᠲᠤᠷᠠᠨ ᠵᠣᠬᠢᠶᠠᠨ ᠪᠠᠶᠢᠭᠤᠯᠤᠯ᠎ᠠ᠃ ᠠᠪᠤᠷᠠᠭᠴᠢᠳ ᠬᠥᠪᠰᠥᠭᠥᠯ ᠨᠠᠭᠤᠷ ᠲᠤ ᠭᠦᠨ ᠦ ᠱᠤᠩᠪᠠᠯᠲᠠ ᠬᠢᠵᠦ᠂ ᠲᠤᠰᠬᠠᠢ ᠵᠣᠷᠢᠭᠤᠯᠤᠯᠲᠠ ᠶᠢᠨ ᠪᠠᠭᠠᠵᠢ ᠠᠰᠢᠭᠯᠠᠨ ᠨᠠᠭᠤᠷ ᠤᠨ ᠢᠷᠤᠭᠠᠷ ᠤᠨ ᠪᠣᠯᠤᠨᠵᠢᠪᠤᠭ᠍ᠰᠡᠨ ᠮᠠᠰᠢᠨ ᠲᠧᠭᠨᠢᠭ ᠦᠨ ᠪᠠᠶᠢᠷᠢᠰᠢᠯ ᠢ ᠲᠣᠭᠲᠠᠭᠠᠨ᠂ ᠤᠰᠤᠨ ᠤ ᠲᠤᠰᠬᠠᠢ ᠵᠣᠷᠢᠭᠤᠯᠤᠯᠲᠠ ᠶᠢᠨ ᠳᠤᠷᠠᠨ ᠲᠥᠬᠦᠭᠡᠷᠦᠮᠵᠢ ᠶᠢ ᠠᠰᠢᠭᠯᠠᠨ ᠵᠢᠪᠤᠭ᠍ᠰᠡᠨ ᠮᠠᠰᠢᠨ᠂ ᠲᠧᠭᠨᠢᠭ ᠦᠨ ᠪᠠᠶᠢᠷᠢᠯᠠᠯ ᠤᠨ ᠵᠢᠷᠤᠭᠯᠠᠯ ᠭᠠᠷᠭᠠᠭᠰᠠᠨ ᠪᠠᠶᠢᠨ᠎ᠠ᠃