ᠳ∙ᠭᠠᠩᠭᠠᠪᠠᠭᠠᠲᠤᠷ ᠢ ᠦᠨᠳᠦᠰᠦᠨ ᠬᠠᠤᠯᠢ ᠶᠢᠨ ᠰᠡᠴᠡ ᠶᠢᠨ ᠭᠡᠰᠢᠭᠦᠨ ᠢᠶᠡᠷ ᠲᠤᠮᠢᠯᠠᠨ᠎ᠠ | News.MN

ᠳ∙ᠭᠠᠩᠭᠠᠪᠠᠭᠠᠲᠤᠷ ᠢ ᠦᠨᠳᠦᠰᠦᠨ ᠬᠠᠤᠯᠢ ᠶᠢᠨ ᠰᠡᠴᠡ ᠶᠢᠨ ᠭᠡᠰᠢᠭᠦᠨ ᠢᠶᠡᠷ ᠲᠤᠮᠢᠯᠠᠨ᠎ᠠ

ᠤᠯᠤᠰ ᠤᠨ ᠶᠡᠬᠡ ᠬᠤᠷᠠᠯ ᠤᠨ ᠬᠠᠤᠯᠢ ᠵᠦᠢ ᠶᠢᠨ ᠪᠠᠶᠢᠩᠭᠤ ᠶᠢᠨ ᠬᠣᠷᠢᠶᠠᠨ ᠤ ᠬᠤᠷᠠᠯᠳᠤᠭᠠᠨ ᠢᠶᠠᠷ ᠮᠣᠩᠭᠣᠯ ᠤᠯᠤᠰ ᠤᠨ ᠳᠡᠭᠡᠳᠦ ᠰᠢᠭᠦᠬᠦ ᠡᠴᠡ ᠰᠠᠨᠠᠯ ᠪᠣᠯᠭᠠᠭᠰᠠᠨ ᠦᠨᠳᠦᠰᠦᠨ ᠬᠠᠤᠯᠢ ᠶᠢᠨ ᠰᠡᠴᠡ ᠶᠢᠨ ᠭᠡᠰᠢᠭᠦᠨ ᠢ ᠲᠤᠮᠢᠯᠠᠬᠤ ᠲᠤᠬᠠᠢ ᠠᠰᠠᠭᠤᠳᠠᠯ ᠢ ᠬᠡᠯᠡᠯᠴᠡᠵᠦ᠂ ᠳ ∙ ᠭᠠᠩᠭᠠᠪᠠᠭᠠᠲᠤᠷ ᠢ ᠦᠨᠳᠦᠰᠦᠨ ᠬᠠᠤᠯᠢ ᠶᠢᠨ ᠰᠡᠴᠡ ᠶᠢᠨ ᠭᠡᠰᠢᠭᠦᠨ ᠢᠶᠡᠷ ᠲᠣᠮᠢᠯᠠᠬᠤ ᠶᠢ ᠪᠠᠶᠢᠩᠭᠤ ᠶᠢᠨ ᠬᠣᠷᠢᠶᠠᠨ ᠤ ᠭᠡᠰᠢᠭᠦᠳ ᠦᠨ ᠣᠯᠠᠩᠬᠢ ᠳᠡᠮᠵᠢᠵᠡᠢ᠃
ᠳ∙ᠭᠠᠩᠭᠠᠪᠠᠭᠠᠲᠤᠷ︵ᠢᠷᠠᠭᠤ ᠨᠠᠢᠷᠠᠭᠴᠢ ᠸᠴᠢᠷᠪᠠᠲᠤ ᠶᠢᠨ ᠳᠠᠰᠢᠪᠠᠯᠪᠠᠷ ᠤᠨ ᠬᠦᠦ︶ᠨᠢ ᠭᠠᠳᠠᠭᠠᠳᠤ ᠬᠡᠯᠡᠨ ᠦ ᠳᠡᠭᠡᠳᠦ ᠰᠤᠷᠭᠠᠭᠤᠯᠢ ᠶᠢ ᠣᠷᠴᠢᠭᠤᠯᠤᠭᠴᠢ᠂ ᠮᠣᠩᠭᠣᠯ ᠤᠯᠤᠰ ᠤᠨ ᠶᠡᠬᠡ ᠰᠤᠷᠭᠠᠭᠤᠯᠢ ᠶᠢᠨ ᠬᠠᠤᠯᠢ ᠵᠦᠢ ᠶᠢᠨ ᠰᠤᠷᠭᠠᠭᠤᠯᠢ ᠶᠢ ᠡᠷᠬᠡ ᠵᠦᠢᠴᠢ ᠮᠡᠷᠭᠡᠵᠢᠯ ᠢᠶᠡᠷ ᠲᠡᠭᠦᠰᠦᠭᠰᠡᠨ᠃ ᠶᠠᠫᠣᠨ ᠤᠯᠤᠰ ᠤᠨ ᠨᠠᠭᠤᠶᠠ ᠶᠢᠨ ᠶᠡᠬᠡ ᠰᠤᠷᠭᠠᠭᠤᠯᠢ ᠶᠢᠨ ᠬᠠᠤᠯᠢ ᠶᠢᠨ ᠰᠤᠷᠭᠠᠭᠤᠯᠢ ᠳᠤ ᠬᠠᠤᠯᠢ ᠵᠦᠢ ᠶᠢᠨ ᠮᠠᠭᠢᠰᠲ᠋ᠷ᠂ ᠬᠠᠤᠯᠢ ᠵᠦᠢ ᠶᠢᠨ ᠤᠬᠠᠭᠠᠨ ᠤ ᠳ᠋ᠣᠺᠲ᠋ᠣᠷ ᠤᠨ ᠵᠡᠷᠭᠡ ᠬᠠᠮᠠᠭᠠᠯᠠᠭᠰᠠᠨ᠃

ᠰᠡᠳᠬᠢᠭᠳᠡᠯ ᠦᠯᠡᠳᠡᠭᠡᠬᠦ