ᠲᠥᠪ ᠪᠠᠩᠬᠢ ᠥᠩᠭᠡᠷᠡᠭᠰᠡᠨ ᠰᠠᠷ᠎ᠠ ᠳᠤ 3.2 ᠲᠣᠨ ᠦᠨᠡᠲᠦ ᠮᠧᠲ᠋ᠠᠯ ᠬᠤᠳᠠᠯᠳᠤᠨ ᠠᠪᠴᠠᠢ᠃ ᠣᠨ ᠤ ᠡᠬᠢᠨ ᠡᠴᠡ ᠤᠳᠤ ᠪᠤᠯᠲᠠᠯ᠎ᠠ ᠨᠡᠶᠢᠲᠡ 18.1 ᠲᠣᠨ ᠢ ᠬᠤᠳᠠᠯᠳᠤᠨ ᠠᠪᠤᠭᠠᠳ ᠪᠠᠶᠢᠨ᠎ᠠ᠃ ᠡᠭᠦᠨ ᠢ ᠡᠮᠦᠨᠡᠬᠢ ᠣᠨ ᠤ ᠮᠥᠨ ᠦᠶ᠎ᠡ ᠲᠡᠢ ᠬᠠᠷᠢᠴᠠᠭᠤᠯᠪᠠᠯ 1.08 ᠲᠣᠨ ᠢᠶᠠᠷ ᠪᠠᠭᠤᠷᠠᠭᠰᠠᠨ ᠪᠠᠢᠨ᠎ᠠ᠃
ᠥᠩᠭᠡᠷᠡᠭᠰᠡᠨ ᠰᠠᠷ᠎ᠠ ᠳᠤ ᠳᠠᠷᠬᠠᠨ-ᠠᠭᠤᠯᠠ ᠠᠶᠢᠮᠠᠭ ᠳᠠᠬᠢ ᠮᠣᠩᠭᠣᠯ ᠪᠠᠩᠭᠢᠨ ᠤ ᠬᠡᠯᠲᠡᠰ 168.2 ᠺᠢᠯᠦᠭᠷᠡᠮ᠂ ᠪᠠᠶᠠᠨᠬᠣᠩᠭᠣᠷ ᠠᠶᠢᠮᠠᠭ ᠳᠠᠬᠢ ᠮᠣᠩᠭᠣᠯ ᠪᠠᠩᠭᠢᠨ ᠤ ᠰᠠᠯᠪᠤᠷᠢ 249.8 ᠺᠢᠯᠦᠭᠷᠡᠮ ᠦᠨᠡᠲᠦ ᠮᠧᠲ᠋ᠠᠯ ᠢ ᠲᠤᠰ ᠲᠤᠰ ᠬᠤᠳᠠᠯᠳᠤᠨ ᠠᠪᠴᠠᠢ᠃ ᠮᠣᠩᠭᠣᠯ ᠪᠠᠩᠭᠢᠨ ᠤ ᠨᠢᠭᠡ ᠭᠷᠠᠮ ᠠᠯᠲᠠ ᠬᠤᠳᠠᠯᠳᠤᠨ ᠠᠪᠬᠤ ᠳᠤᠮᠳᠠᠴᠢ ᠬᠠᠩᠰᠢ 10 ᠳ᠋ᠤᠭᠠᠷ ᠰᠠᠷ᠎ᠠ ᠳᠤ 162456.30 ᠲᠥᠭᠦᠷᠢᠭ ᠪᠠᠶᠢᠪᠠ᠃