ᠮᠣᠩᠭᠣᠯ ᠤᠯᠤᠰ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 110 ᠵᠢᠯ ᠦᠨ ᠣᠢ ᠳᠤ ᠵᠣᠷᠢᠭᠤᠯᠤᠭᠰᠠᠨ ᠤᠯᠤᠰ ᠤᠨ ᠶᠡᠬᠡ ᠬᠤᠷᠠᠯ ᠤᠨ ᠬᠦᠨᠳᠦᠳᠬᠡᠯ ᠦᠨ ᠬᠤᠷᠠᠯᠳᠤᠭᠠᠨ ᠮᠠᠷᠭᠠᠰᠢ ᠲᠥᠷᠥ ᠶᠢᠨ ᠣᠷᠳᠣᠨ ᠳᠤ ᠪᠣᠯᠤᠨ᠎ᠠ᠃ ᠦᠨᠳᠦᠰᠦᠨ ᠦ ᠡᠷᠬᠡ ᠴᠢᠯᠦᠭᠡᠨ ᠦ ᠬᠤᠪᠢᠰᠬᠠᠯ ᠨᠢ ᠮᠣᠩᠭᠣᠯᠴᠤᠳ ᠤᠨ ᠲᠤᠭᠤᠷᠭ᠎ᠠ ᠲᠤᠰᠠᠭᠠᠷ ᠤᠯᠤᠰ ᠢᠶᠠᠨ ᠰᠡᠷᠭᠦᠭᠡᠨ ᠪᠠᠶᠢᠭᠤᠯᠬᠤ ᠭᠡᠰᠡᠨ ᠣᠯᠠᠨ ᠠᠷᠪᠠᠨ ᠵᠢᠯ ᠦᠨ ᠮᠣᠬᠣᠰᠢ ᠦᠭᠡᠢ ᠬᠦᠰᠡᠯ ᠲᠡᠮᠡᠤᠯᠤᠯ᠂ ᠲᠤᠤᠱᠲᠠᠢ ᠲᠡᠮᠡᠴᠡᠯ ᠦᠨ ᠪᠡᠶᠡᠯᠡᠯ᠂ ᠦᠨᠳᠦᠰᠦᠨ ᠦ ᠤᠬᠠᠮᠰᠠᠷ ᠤᠨ ᠶᠡᠬᠡ ᠰᠡᠷᠭᠦᠯᠲᠡ ᠶᠢᠨ ᠡᠬᠢᠯᠡᠯ᠂ 1921 ᠣᠨ ᠤ ᠠᠷᠠᠳ ᠤᠨ ᠬᠤᠪᠢᠰᠬᠠᠯ ᠤᠨ ᠪᠣᠳᠠᠲᠤ ᠬᠦᠷᠦᠰᠦ ᠪᠣᠯᠤᠭᠰᠠᠨ ᠪᠢᠯᠡ᠃
ᠤᠯᠤᠰ ᠤᠨ ᠶᠡᠬᠡ ᠬᠤᠷᠠᠯ ᠤᠨ 2007 ᠣᠨ ᠤ ᠨᠠᠢ᠌ᠮᠠᠳᠤᠭᠠᠷ ᠰᠠᠷ᠎ᠠ ᠶᠢᠨ 16 ᠳᠦ ᠪᠠᠲᠤᠯᠠᠭᠰᠠᠨ ᠬᠠᠤᠯᠢ ᠪᠠᠷ 12 ᠳ᠋ᠤᠭᠠᠷ ᠰᠠᠷ᠎ᠠ ᠶᠢᠨ 29 ᠢ ᠨᠡᠶᠢᠲᠡ ᠪᠡᠷ ᠲᠡᠮᠳᠡᠭᠯᠡᠬᠦ ᠡᠳᠦᠷ ᠪᠣᠯᠭᠠᠭᠰᠠᠨ᠃ ᠬᠠᠷᠢᠨ 2011 ᠣᠨ ᠤ 12 ᠳ᠋ᠤᠭᠠᠷ ᠰᠠᠷ᠎ᠠ ᠶᠢᠨ 23 ᠤ ᠡᠳᠦᠷ ︽ᠨᠡᠶᠢᠲᠡ ᠪᠡᠷ ᠲᠡᠮᠳᠡᠭᠯᠡᠬᠦ ᠪᠠᠶᠠᠷ᠂ ᠠᠮᠠᠷᠠᠯᠲᠠ ᠶᠢᠨ ᠡᠳᠦᠷ ᠦᠨ ᠲᠤᠬᠠᠢ︾ ᠬᠠᠤᠯᠢ ᠳᠤ ᠥᠭᠡᠷᠡᠴᠢᠯᠡᠯᠲᠡ ᠣᠷᠣᠭᠤᠯᠵᠤ᠂ ᠡᠯ᠎ᠡ ᠡᠳᠦᠷ ᠢ ᠪᠠᠶᠠᠷ ᠤᠨ ᠡᠳᠦᠷ ᠪᠣᠯᠭᠠᠬᠤ ᠪᠠᠷ ᠬᠠᠤᠯᠢᠴᠢᠯᠠᠭᠰᠠᠨ ᠪᠥᠭᠡᠳ ᠪᠦᠬᠦ ᠨᠡᠶᠢᠲᠡ ᠪᠡᠷ ᠠᠮᠠᠷᠠᠳᠠᠭ ᠪᠣᠯᠤᠭᠰᠠᠨ ᠶᠤᠮ᠃