Rio Tinto ᠺᠣᠮᠫᠠᠨᠢ ᠶᠢᠨ ᠬᠤᠪᠢᠴᠠᠭᠠᠨ ᠤ ᠬᠠᠩᠰᠢ ᠰᠡᠭᠦᠯ ᠦᠨ ᠨᠢᠭᠡ ᠰᠠᠷ᠎ᠠ ᠶᠢᠨ ᠬᠤᠭᠤᠴᠠᠭᠠᠨ ᠳᠤ ᠠᠦᠢᠰᠲᠷᠠᠯᠢᠶ᠎ᠠ ᠶᠢᠨ ᠬᠥᠷᠥᠩᠭᠡ ᠶᠢᠨ ᠪᠢᠷᠵᠢ ᠳᠦ 6.5 ᠬᠤᠪᠢ ᠪᠠᠷ ᠥᠰᠦᠭᠰᠡᠨ ᠪᠠᠶᠢᠨ᠎ᠠ᠃ ᠲᠤᠰ ᠺᠣᠮᠫᠠᠨᠢ ᠯᠢᠲᠢ ᠶᠢᠨ ᠵᠠᠬ᠎ᠠ ᠵᠡᠭᠡᠯᠢ ᠳᠦ ᠦᠢᠯᠡ ᠠᠵᠢᠯᠯᠠᠭ᠎ᠠ ᠪᠠᠨ ᠲᠡᠯᠡᠬᠦ ᠪᠡᠷ ᠵᠣᠷᠢᠵᠤ ᠪᠠᠶᠢᠭ᠎ᠠ ᠪᠥᠭᠡᠳ 12 ᠳ᠋ᠤᠭᠠᠷ ᠰᠠᠷ᠎ᠠ ᠳᠤ ᠡᠨᠡ ᠴᠢᠭᠯᠡᠯ ᠳᠦ ᠦᠢᠯᠡ ᠠᠵᠢᠯᠯᠠᠭ᠎ᠠ ᠨᠢ ᠡᠷᠴᠢᠮᠵᠢᠵᠡᠢ᠃
12 ᠳ᠋ᠤᠭᠠᠷ ᠰᠠᠷ᠎ᠠ ᠳᠤ ᠲᠡᠮᠦᠷ ᠦᠨ ᠬᠥᠳᠡᠷ ᠦᠨ ᠦᠨ᠎ᠡ ᠥᠰᠦᠭᠰᠡᠨ ᠨᠢ Rio Tinto ᠦᠨ ᠬᠤᠪᠢᠴᠠᠭᠠᠨ ᠤ ᠬᠠᠩᠰᠢ ᠶᠢᠨ ᠦᠰᠦᠯᠲᠡ ᠳᠦ ᠮᠥᠨ ᠨᠥᠯᠦᠭᠡᠯᠡᠭᠰᠡᠨ ᠪᠠᠶᠢᠨ᠎ᠠ᠃ ᠲᠡᠮᠦᠷ ᠦᠨ ᠬᠥᠳᠡᠷ ᠦᠨ ᠦᠨ᠎ᠡ ᠠᠷᠪᠠᠨ ᠨᠢᠭᠡᠳᠦᠭᠡᠷ ᠰᠠᠷ᠎ᠠ ᠲᠠᠢ ᠬᠠᠷᠢᠴᠠᠭᠤᠯᠬᠤ ᠳᠤ 18 ᠬᠤᠪᠢ ᠪᠠᠷ ᠥᠰᠴᠠᠢ᠃ ᠰᠡᠭᠦᠯ ᠦᠨ ᠨᠢᠭᠡ ᠰᠠᠷ᠎ᠠ ᠶᠢᠨ ᠬᠤᠭᠤᠴᠠᠭᠠᠨ ᠳᠤ ᠥᠰᠦᠯᠲᠡ ᠲᠡᠢ ᠪᠠᠶᠢᠭ᠎ᠠ ᠴᠤ ᠵᠢᠯ ᠦᠨ ᠳ᠋ᠦᠩ ᠢᠶᠡᠷ ᠤᠨᠠᠯᠲᠠ ᠶᠢᠨ ᠪᠥᠰᠡ ᠳᠦ ᠪᠠᠶᠢᠭ᠎ᠠ ᠶᠤᠮ᠃