ᠦᠨᠳᠦᠰᠦᠨ ᠦ ᠮᠡᠳᠡᠭᠡᠯᠡᠯ ᠦᠨ︽ᠮᠣᠩᠭᠣᠯ ᠤᠨ ᠴᠠᠬᠢᠯᠭᠠᠨ ᠮᠡᠳᠡᠭᠡ︾ᠠᠭᠧᠨᠲᠯᠢᠭ ᠢ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠲᠤ ᠰᠢᠯᠵᠢᠭᠦᠯᠬᠦ ᠰᠢᠢᠳᠪᠦᠷᠢ ᠶᠢ ᠥᠩᠭᠡᠷᠡᠭᠰᠡᠨ ᠰᠠᠷ᠎ᠠ ᠳᠤ ᠵᠠᠰᠠᠭ ᠤᠨ ᠭᠠᠵᠠᠷ ᠠᠴᠠ ᠭᠠᠷᠭᠠᠭᠰᠠᠨ ᠪᠠᠶᠢᠳᠠᠭ᠃ ᠡᠬᠡ ᠰᠤᠷᠪᠤᠯᠵᠢ ᠶᠢᠨ ᠮᠡᠳᠡᠭᠡᠯᠡᠭᠰᠡᠨ ᠢᠶᠡᠷ ᠲᠤᠰ ᠠᠭᠧᠨᠲᠯᠢᠭ ᠤᠨ ᠳᠠᠷᠤᠭ᠎ᠠ ᠪᠠᠷ ᠠᠵᠢᠯᠯᠠᠵᠤ ᠪᠠᠶᠢᠭᠰᠠᠨ ᠪ ∙ ᠭᠠᠩᠴᠢᠮᠡᠭ ᠴᠢᠯᠦᠭᠡᠯᠡᠭᠳᠡᠬᠦ ᠬᠦᠰᠡᠯᠲᠡ ᠪᠡᠨ ᠥᠭᠭᠦᠭᠰᠡᠨ ᠪᠠᠶᠢᠨ᠎ᠠ᠃ ᠲᠡᠭᠦᠨ ᠦ ᠣᠷᠣᠨ ᠳᠤ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠪᠣᠳᠣᠯᠭ᠎ᠠ ᠬᠡᠷᠡᠭᠵᠢᠯᠲᠡ ᠶᠢᠨ ᠭᠠᠵᠠᠷ ᠤᠨ ᠳᠠᠷᠤᠭ᠎ᠠ ᠭ ∙ ᠠᠮᠤᠷᠲᠦ᠋ᠪᠰᠢᠨ ᠢ ᠲᠣᠮᠢᠯᠠᠬᠤ ᠪᠠᠷ ᠪᠣᠯᠵᠠᠢ᠃
ᠭ∙ᠠᠮᠤᠷᠲᠦ᠋ᠪᠰᠢᠨ ᠨᠢ ᠮᠣᠩᠭᠣᠯ ᠤᠯᠤᠰ ᠤᠨ ᠶᠡᠬᠡ ᠰᠤᠷᠭᠠᠭᠤᠯᠢ ᠶᠢᠨ ᠭᠠᠳᠠᠭᠠᠳᠤ ᠬᠡᠯᠡ ᠰᠤᠶᠤᠯ ᠤᠨ ᠰᠤᠷᠭᠠᠭᠤᠯᠢ ᠶᠢ ᠲᠡᠭᠦᠰᠴᠦ᠂ ᠠᠦᠢᠰᠲᠷᠠᠯᠢᠶ᠎ᠠ ᠶᠢᠨ ᠳ᠋ᠢᠺᠧᠨ ᠦ ᠶᠡᠬᠡ ᠰᠤᠷᠭᠠᠭᠤᠯᠢ ᠳᠤ ᠣᠯᠠᠨ ᠤᠯᠤᠰ ᠤᠨ ᠬᠠᠷᠢᠯᠴᠠᠭᠠᠨ ᠤ ᠮᠠᠭᠢᠰᠲ᠋ᠷ ᠤᠨ ᠵᠡᠷᠭᠡ ᠬᠠᠮᠠᠭᠠᠯᠠᠭᠰᠠᠨ ᠪᠠᠶᠢᠨ᠎ᠠ᠃ ︽ᠮᠣᠩᠭᠣᠯ ᠤᠨ ᠴᠠᠬᠢᠯᠭᠠᠨ ᠮᠡᠳᠡᠭᠡ︾ᠠᠭᠧᠨᠲᠯᠢᠭ ᠤᠨ ᠭᠠᠳᠠᠭᠠᠳᠤ ᠤᠷᠤᠭᠤ ᠴᠢᠭᠯᠡᠭᠰᠡᠨ ᠪᠣᠳᠣᠯᠭ᠎ᠠ ᠶᠢ ᠡᠨᠡ ᠵᠢᠯ ᠲᠦᠯᠬᠢᠭᠦᠦ ᠠᠩᠬᠠᠷᠬᠤ ᠠᠵᠠᠢ᠃