ᠭᠠᠳᠠᠭᠠᠳᠤ ᠬᠠᠷᠢᠯᠴᠠᠭᠠᠨ ᠤ ᠶᠠᠮᠤᠨ ᠤ ᠳᠡᠳ᠋ ᠰᠠᠶᠢᠳ ᠪ∙ᠮᠥᠩᠬᠡᠵᠢᠨ ᠬᠠᠰᠠᠭᠰᠲ᠋ᠠᠨ ᠤᠯᠤᠰ ᠲᠤ ᠪᠣᠯᠵᠤ ᠪᠤᠢ ᠦᠢᠯᠡ ᠶᠠᠪᠤᠳᠠᠯ ᠤᠨ ᠲᠠᠯ᠎ᠠ ᠪᠠᠷ ᠮᠡᠳᠡᠭᠡᠯᠡᠯ ᠥᠭᠭᠦᠯ᠎ᠡ᠃ ᠲᠡᠷᠡ ᠪᠡᠷ᠄ ᠬᠠᠰᠠᠭᠰᠲ᠋ᠠᠨ ᠳᠤ 4000 ᠣᠷᠴᠢᠮ ᠮᠣᠩᠭᠣᠯ ᠢᠷᠭᠡᠨ ᠪᠤᠢ᠃ ᠭᠡᠬᠦ ᠳᠦ ᠪᠡᠨ ᠣᠳᠣ ᠪᠠᠷ ᠮᠣᠩᠭᠣᠯ ᠤᠯᠤᠰ ᠤᠨ ᠢᠷᠭᠡᠨ ᠬᠠᠯᠳᠠᠯᠭ᠎ᠠ ᠳᠤ ᠥᠷᠲᠦᠭᠰᠡᠨ ᠲᠠᠯᠠᠭᠠᠷᠬᠢ ᠮᠡᠳᠡᠭᠡᠯᠡᠯ ᠮᠠᠨ ᠤ ᠳᠤ ᠢᠷᠡᠭᠡ ᠦᠭᠡᠢ ᠪᠠᠶᠢᠨ᠎ᠠ᠃ ᠲᠤᠬᠠᠢ ᠶᠢᠨ ᠤᠯᠤᠰ ᠲᠤ ᠪᠤᠢ ᠢᠷᠭᠡᠳ ᠲᠡᠢ ᠬᠣᠯᠪᠣᠭ᠎ᠠ ᠲᠣᠭᠲᠠᠭᠠᠬᠤ ᠪᠣᠯᠤᠮᠵᠢ ᠬᠣᠮᠰᠠ ᠪᠠᠶᠢᠨ᠎ᠠ᠃
ᠢᠨᠲᠸᠷᠨᠧᠲ᠂ ᠤᠲᠠᠰᠤ ᠲᠠᠰᠤᠯᠳᠠᠵᠤ ᠪᠠᠶᠢᠭ᠎ᠠ ᠤᠴᠢᠷ ᠬᠣᠯᠪᠣᠭ᠎ᠠ ᠪᠠᠷᠢᠬᠤ ᠳᠤ ᠠᠮᠠᠷ ᠦᠭᠡᠢ ᠪᠠᠶᠢᠭ᠎ᠠ᠃ ᠬᠠᠰᠠᠭᠰᠲ᠋ᠠᠨ ᠤᠯᠤᠰ ᠤᠨ ᠬᠤᠪᠢ ᠳᠤ ᠣᠨᠴᠠ ᠪᠠᠶᠢᠳᠠᠯ ᠵᠠᠷᠯᠠᠴᠢᠬᠠᠭᠰᠠᠨ ᠪᠠᠶᠢᠭ᠎ᠠ ᠶᠤᠮ ᠪᠢᠯᠡ᠃ ᠮᠣᠩᠭᠣᠯ ᠤᠯᠤᠰ ᠢᠷᠭᠡᠳ ᠢᠶᠡᠨ ᠲᠠᠲᠠᠵᠤ ᠠᠪᠬᠤ ᠨᠥᠬᠥᠴᠡᠯ ᠪᠠᠶᠢᠳᠠᠯ ᠪᠤᠢ ᠪᠣᠯᠬᠤ ᠶᠢ ᠦᠭᠡᠶᠢᠰᠬᠡᠬᠦ ᠦᠭᠡᠢ᠃ ᠭᠡᠬᠦ ᠳᠦ ᠪᠡᠨ ᠣᠳᠣᠬᠠᠨ ᠳᠤ ᠪᠠᠨ ᠪᠠᠶᠢᠳᠠᠯ ᠲᠡᠶᠢᠮᠦ ᠳᠦ ᠪᠡᠨ ᠲᠤᠯᠤᠭ᠎ᠠ ᠦᠭᠡᠢ ᠪᠠᠶᠢᠨ᠎ᠠ ᠭᠡᠯᠡ᠃