ᠬᠥᠳᠡᠯᠮᠦᠷᠢ ᠨᠡᠶᠢᠭᠡᠮ ᠤᠨ ᠬᠠᠮᠠᠭᠠᠯᠠᠯ ᠤᠨ ᠶᠠᠮᠤᠨ ᠤ ᠰᠠᠶᠢᠳ ᠠ᠊∙ᠠᠷᠢᠭᠤᠨᠵᠠᠶᠠᠭ᠎ᠠ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠲᠤᠰᠬᠠᠢ ᠢᠯᠡᠳᠬᠡᠭᠴᠢ ᠷᠧᠮ ᠠᠯᠰᠠᠯᠸᠮ ᠲᠠᠢ ᠴᠠᠬᠢᠮ ᠢᠶᠠᠷ ᠠᠭᠤᠯᠵᠠᠵᠤ᠂ ᠵᠧᠨᠳᠡᠷ ᠲᠦ ᠰᠠᠭᠤᠷᠢᠯᠠᠭᠰᠠᠨ ᠬᠦᠴᠦᠷᠬᠡᠶᠢᠯᠡᠯ᠂ ᠭᠡᠷ ᠪᠦᠯᠢ ᠶᠢᠨ ᠬᠦᠴᠦᠷᠬᠡᠶᠢᠯᠡᠯ ᠡᠴᠡ ᠤᠷᠢᠳᠴᠢᠯᠠᠨ ᠰᠡᠷᠭᠡᠶᠢᠯᠡᠬᠦ᠂ ᠲᠠᠰᠤᠯᠤᠨ ᠵᠣᠭᠰᠣᠭᠠᠬᠤ ᠣᠯᠠᠨ ᠲᠠᠯᠠᠲᠤ ᠠᠷᠭ᠎ᠠ ᠬᠡᠮᠵᠢᠶ᠎ᠡ ᠶᠢ ᠲᠥᠷᠥ᠂ ᠲᠥᠷᠥ ᠶᠢᠨ ᠪᠤᠰᠤ ᠪᠠᠶᠢᠭᠤᠯᠤᠯᠭ᠎ᠠ᠂ ᠬᠥᠭᠵᠢᠯ ᠦᠨ ᠲᠦᠩᠰᠢᠯᠡᠯ ᠦᠨ ᠪᠠᠶᠢᠭᠤᠯᠤᠯᠭ᠎ᠠ ᠲᠠᠢ ᠬᠠᠮᠲᠤᠷᠠᠨ ᠦᠶ᠎ᠡ ᠱᠠᠲᠤ ᠲᠠᠢ ᠬᠡᠷᠡᠭᠵᠢᠭᠦᠯᠵᠦ ᠪᠠᠶᠢᠭ᠎ᠠ ᠪᠠᠨ ᠲᠠᠨᠢᠯᠴᠠᠭᠤᠯᠤᠯ᠎ᠠ᠃
︽ᠭᠡᠷ ᠪᠦᠯᠢ ᠶᠢᠨ ᠬᠦᠴᠦᠷᠬᠡᠶᠢᠯᠡᠯ ᠲᠡᠢ ᠲᠡᠮᠡᠴᠡᠬᠦ ᠲᠤᠬᠠᠢ︾ ᠬᠠᠤᠯᠢ ᠶᠢ ᠰᠢᠨᠡᠴᠢᠯᠡᠨ ᠨᠠᠶᠢᠷᠠᠭᠤᠯᠵᠤ᠂ ᠮᠥᠷᠳᠡᠵᠦ ᠡᠬᠢᠯᠡᠭᠰᠡᠨ ᠡᠴᠡ ᠬᠣᠶᠢᠰᠢ ᠬᠠᠤᠯᠢ ᠶᠢ ᠳᠠᠭᠠᠵᠤ ᠭᠠᠷᠤᠭᠰᠠᠨ 32 ᠵᠢᠷᠤᠮ᠂ 1 ᠰᠲ᠋ᠠᠨᠳᠠᠷᠲ ᠪᠠᠲᠤᠯᠠᠨ ᠬᠡᠷᠡᠭᠵᠢᠭᠦᠯᠵᠦ ᠪᠠᠶᠢᠨ᠎ᠠ᠃ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠲᠤᠰᠬᠠᠢ ᠢᠯᠡᠳᠬᠡᠭᠴᠢ ᠷᠧᠮ ᠠᠯᠰᠠᠯᠸᠮ ᠨᠢ ᠡᠨᠡ ᠲᠤᠬᠠᠢ ᠠᠵᠢᠯ ᠤᠨ ᠲᠠᠢᠯᠤᠨ ᠢ ᠡᠨᠡ ᠣᠨ ᠤ 6 ᠳ᠋ᠤᠭᠠᠷ ᠰᠠᠷ᠎ᠠ ᠳᠤ ᠪᠣᠯᠬᠤ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠤᠨ ᠬᠦᠮᠦᠨ ᠦ ᠡᠷᠬᠡ ᠶᠢᠨ ᠵᠥᠪᠯᠡᠯ ᠦᠨ ᠡᠭᠡᠯᠵᠢᠲᠦ 50 ᠳ᠋ᠤᠭᠠᠷ ᠴᠢᠭᠤᠯᠭᠠᠨ ᠳᠤ ᠲᠠᠨᠢᠯᠴᠠᠭᠤᠯᠬᠤ ᠪᠠᠨ ᠮᠡᠳᠡᠭᠳᠡᠯ᠎ᠡ᠃