ᠬᠠᠤᠯᠢ ᠵᠦᠢ᠂ ᠳᠣᠲᠣᠭᠠᠳᠤ ᠬᠡᠷᠡᠭ ᠤᠨ ᠶᠠᠮᠤᠨ ᠤ ᠰᠠᠶᠢᠳ ᠤᠨ ᠲᠤᠰᠢᠶᠠᠯ ᠢᠶᠠᠷ 《ᠣᠯᠠᠨ ᠤᠯᠤᠰ ᠤᠨ ᠪᠣᠯᠤᠨ ᠭᠠᠳᠠᠭᠠᠳᠤ ᠤᠯᠤᠰ ᠤᠨ ᠲᠥᠷᠥ ᠶᠢᠨ ᠪᠤᠰᠤ ᠪᠠᠶᠢᠭᠤᠯᠤᠯᠭ᠎ᠠ ᠶᠢᠨ ᠰᠠᠯᠪᠤᠷᠢ᠂ ᠲᠥᠯᠥᠭᠡᠯᠡᠭᠴᠢ ᠶᠢᠨ ᠭᠠᠵᠠᠷ ᠲᠤ ᠮᠣᠩᠭᠣᠯ ᠤᠯᠤᠰ ᠲᠤ ᠦᠢᠯᠡ ᠠᠵᠢᠯᠯᠠᠭ᠎ᠠ ᠶᠠᠪᠤᠭᠤᠯᠬᠤ ᠵᠥᠪᠰᠢᠶᠡᠷᠡᠯ ᠣᠯᠭᠣᠬᠤ᠂ ᠰᠤᠩᠭᠠᠬᠤ᠂ ᠬᠦᠴᠦᠨ ᠦᠭᠡᠢ ᠪᠣᠯᠭᠠᠬᠤ᠂ ᠦᠢᠯᠡ ᠠᠵᠢᠯᠯᠠᠭᠠᠨ ᠳᠤ ᠨᠢ ᠬᠢᠨᠠᠯᠲᠠ ᠲᠠᠯᠪᠢᠬᠤ ᠵᠢᠷᠤᠮ》 ᠢ ᠰᠢᠨᠡᠴᠢᠯᠡᠨ ᠪᠠᠲᠤᠯᠠᠯ᠎ᠠ᠃ ᠲᠣᠳᠣᠷᠠᠭᠤᠯᠪᠠᠯ᠂ 2016 ᠣᠨ ᠠᠴᠠ ᠬᠣᠶᠢᠰᠢ ᠰᠠᠯᠪᠤᠷᠢ᠂ ᠲᠥᠯᠥᠭᠡᠯᠡᠭᠴᠢ ᠶᠢᠨ ᠭᠠᠵᠠᠷ ᠤᠨ ᠦᠢᠯᠡ ᠠᠵᠢᠯᠯᠠᠭ᠎ᠠ ᠡᠷᠬᠢᠯᠡᠬᠦ ᠲᠡᠢ ᠬᠣᠯᠪᠣᠭ᠎ᠠ ᠲᠠᠢ ᠬᠠᠷᠢᠯᠴᠠᠭ᠎ᠠ ᠶᠢ ᠢᠷᠭᠡᠨ ᠦ ᠬᠠᠷᠢᠶᠠᠯᠠᠯ᠂ ᠰᠢᠯᠵᠢᠯᠲᠡ ᠬᠥᠳᠡᠯᠭᠡᠭᠡᠨ ᠦ ᠶᠡᠷᠦᠩᠬᠡᠢ ᠭᠠᠵᠠᠷ ᠤᠨ ᠳᠠᠷᠤᠭ᠎ᠠ ᠶᠢᠨ ᠪᠠᠲᠤᠯᠠᠭᠰᠠᠨ ᠲᠤᠰᠢᠶᠠᠯ ᠢᠶᠠᠷ ᠵᠣᠬᠢᠴᠠᠭᠤᠯᠵᠤ ᠪᠠᠶᠢᠭᠰᠠᠨ ᠪᠣᠯ ᠬᠠᠤᠯᠢ ᠵᠦᠢ᠂ ᠳᠣᠲᠣᠭᠠᠳᠤ ᠬᠡᠷᠡᠭ ᠦᠨ ᠰᠠᠶᠢᠳ ᠤᠨ ᠲᠤᠰᠢᠶᠠᠯ ᠢᠶᠠᠷ ᠡᠶᠢᠨᠬᠦᠦ ᠰᠢᠨᠡᠴᠢᠯᠡᠨ ᠪᠠᠲᠤᠯᠠᠭᠳᠠᠵᠤ᠂ ᠨᠡᠶᠢᠲᠡ ᠪᠡᠷ ᠳᠠᠭᠠᠵᠤ ᠮᠥᠷᠳᠡᠬᠦ ᠪᠡᠷ ᠪᠣᠯᠵᠤ ᠪᠠᠶᠢᠨ᠎ᠠ᠃
ᠡᠮᠦᠨ᠎ᠡ ᠨᠢ ᠰᠠᠯᠪᠤᠷᠢ᠂ ᠲᠥᠯᠥᠭᠡᠯᠡᠭᠴᠢ ᠶᠢᠨ ᠭᠠᠵᠠᠷ ᠤᠨ ᠦᠢᠯᠡ ᠠᠵᠢᠯᠯᠠᠭ᠎ᠠ ᠡᠷᠬᠢᠯᠡᠬᠦ ᠵᠥᠪᠰᠢᠶᠡᠷᠡᠯ ᠢ ᠬᠤᠶᠠᠷ ᠬᠦᠷᠲᠡᠯ᠎ᠡ ᠵᠢᠯ ᠦᠨ ᠬᠤᠭᠤᠴᠠᠭ᠎ᠠ ᠪᠠᠷ ᠰᠤᠩᠭᠠᠳᠠᠭ ᠪᠠᠶᠢᠭᠰᠠᠨ᠃ ᠲᠡᠭᠡᠪᠡᠯ ᠰᠢᠨᠡᠴᠢᠯᠡᠨ ᠪᠠᠲᠤᠯᠠᠭᠰᠠᠨ ᠵᠢᠷᠤᠮ ᠢᠶᠠᠷ ᠵᠥᠪᠰᠢᠶᠡᠷᠡᠯ ᠦᠨ ᠬᠤᠭᠤᠴᠠᠭ᠎ᠠ ᠶᠢ ᠬᠡᠷᠡᠭᠵᠢᠭᠦᠯᠵᠦ ᠪᠤᠢ ᠲᠥᠰᠥᠯ ᠬᠥᠲᠥᠯᠪᠦᠷᠢ ᠶᠢᠨ ᠰᠠᠩᠬᠦᠦᠵᠢᠯᠲᠡ᠂ ᠴᠠᠷ᠎ᠠ ᠬᠦᠷᠢᠶ᠎ᠡ᠂ ᠠᠵᠢᠯ ᠤᠨ ᠪᠠᠶᠢᠷᠢ ᠪᠤᠢ ᠪᠣᠯᠭᠠᠭᠰᠠᠨ ᠪᠠᠶᠢᠳᠠᠯ ᠵᠡᠷᠭᠡ ᠶᠢ ᠬᠠᠷᠠᠭᠠᠯᠵᠠᠨ ᠭᠤᠷᠪᠠ ᠬᠦᠷᠲᠡᠯ᠎ᠡ ᠵᠢᠯ ᠢᠶᠡᠷ᠂ ᠵᠠᠰᠠᠭ ᠤᠨ ᠭᠠᠵᠠᠷ ᠬᠠᠮᠲᠤᠷᠠᠨ ᠠᠵᠢᠯᠯᠠᠬᠤ ᠭᠡᠷ᠎ᠡ᠂ ᠮᠣᠩᠭᠣᠯ ᠤᠯᠤᠰ ᠲᠤ 10 ᠵᠢᠯ ᠡᠴᠡ ᠳᠣᠭᠣᠭᠰᠢ ᠦᠭᠡᠢ ᠬᠤᠭᠤᠴᠠᠭᠠᠨ ᠳᠤ ᠲᠣᠭᠲᠠᠪᠤᠷᠢᠲᠠᠢ ᠦᠢᠯᠡ ᠠᠵᠢᠯᠯᠠᠭ᠎ᠠ ᠶᠠᠪᠤᠭᠤᠯᠤᠭᠰᠠᠨ ᠵᠡᠷᠭᠡ ᠨᠥᠬᠥᠴᠡᠯ᠂ ᠱᠠᠭᠠᠷᠳᠠᠯᠭ᠎ᠠ ᠶᠢ ᠬᠠᠷᠠᠭᠠᠯᠵᠠᠨ ᠲᠠᠪᠤ ᠬᠦᠷᠲᠡᠯ᠎ᠡ ᠵᠢᠯ ᠢᠶᠡᠷ ᠰᠤᠩᠭᠠᠬᠤ ᠪᠣᠯᠤᠮᠵᠢ ᠲᠠᠢ ᠪᠣᠯᠤᠯ᠎ᠠ᠃
ᠮᠣᠩᠭᠣᠯ ᠤᠯᠤᠰ ᠲᠤ ᠥᠨᠥᠳᠥᠷ ᠦᠨ ᠪᠠᠶᠢᠳᠠᠯ ᠢᠶᠠᠷ 79 ᠣᠯᠠᠨ ᠤᠯᠤᠰ ᠤᠨ ᠲᠥᠷᠥ ᠶᠢᠨ ᠪᠤᠰᠤ ᠪᠠᠶᠢᠭᠤᠯᠤᠯᠭ᠎ᠠ ᠶᠢᠨ ᠰᠠᠯᠪᠤᠷᠢ᠂ ᠲᠥᠯᠥᠭᠡᠯᠡᠭᠴᠢ ᠶᠢᠨ ᠭᠠᠵᠠᠷ ᠦᠢᠯᠡ ᠠᠵᠢᠯᠯᠠᠭ᠎ᠠ ᠶᠠᠪᠤᠭᠤᠯᠵᠤ ᠪᠠᠶᠢᠨ᠎ᠠ᠃