ᠬᠥᠪᠰᠥᠭᠥᠯ ᠠᠶᠢᠮᠠᠭ ᠲᠤ ᠡᠪᠦᠯ ᠦᠨ ᠠᠶᠠᠯᠠᠯ ᠵᠢᠭᠤᠯᠴᠢᠯᠠᠯ ᠢ ᠬᠥᠭᠵᠢᠭᠦᠯᠬᠦ ᠵᠣᠷᠢᠯᠭ᠎ᠠ ᠪᠠᠷ ᠵᠢᠯ ᠪᠦᠷᠢ ᠤᠯᠠᠮᠵᠢᠯᠠᠯ ᠪᠣᠯᠤᠨ ᠵᠣᠬᠢᠶᠠᠨ ᠪᠠᠶᠢᠭᠤᠯᠳᠠᠭ《ᠬᠥᠬᠡ ᠰᠤᠪᠤᠳ》ᠮᠥᠰᠦᠨ ᠦ ᠪᠠᠶᠠᠷ ᠬᠤᠷᠢᠳᠠᠬᠢ ᠵᠢᠯ ᠳᠦ ᠪᠡᠨ ᠪᠣᠯᠤᠨ᠎ᠠ᠃ ᠮᠥᠰᠦᠨ ᠦ ᠪᠠᠶᠠᠷ ᠢ ᠵᠣᠬᠢᠶᠠᠨ ᠪᠠᠶᠢᠭᠤᠯᠬᠤ ᠠᠵᠢᠯ ᠤᠨ ᠪᠠᠭ ᠥᠨᠥᠳᠥᠷ ᠬᠤᠷᠠᠯᠳᠤᠵᠤ ᠢᠷᠡᠬᠦ ᠰᠠᠷ᠎ᠠ ᠶᠢᠨ 3᠂4 ᠳᠤ ᠲᠡᠮᠳᠡᠭᠯᠡᠬᠦ ᠪᠡᠷ ᠰᠢᠢᠳᠪᠦᠷᠢᠯᠡᠯ᠎ᠡ᠃
ᠡᠨᠡ ᠵᠢᠯ ᠦᠨ ᠬᠤᠪᠢ ᠳᠤ 20 ᠵᠢᠯ ᠦᠨ ᠣᠢ ᠲᠣᠬᠢᠶᠠᠵᠤ ᠪᠠᠶᠢᠭ᠎ᠠ ᠪᠠᠷ ᠢᠶᠠᠨ ᠣᠨᠴᠠᠯᠢᠭ ᠶᠤᠮ᠃ ᠠᠩᠬ᠎ᠠ 2000 ᠣᠨ ᠳᠤ《ᠳᠠᠯᠠᠢ ᠡᠵᠢ》ᠬᠡᠮᠡᠨ ᠬᠦᠨᠳᠦᠯᠡᠨ ᠨᠡᠷᠡᠯᠡᠳᠡᠭ ᠬᠥᠪᠰᠥᠭᠥᠯ ᠨᠠᠭᠤᠷ ᠢ ᠬᠠᠮᠠᠭᠠᠯᠠᠬᠤ᠂ ᠡᠪᠦᠯ ᠦᠨ ᠠᠶᠠᠯᠠᠯ ᠵᠢᠭᠤᠯᠴᠢᠯᠠᠯ ᠢ ᠬᠥᠭᠵᠢᠭᠦᠯᠬᠦ ᠵᠣᠷᠢᠯᠭ᠎ᠠ ᠪᠠᠷ ᠬᠥᠪᠰᠥᠭᠥᠯ ᠦᠨ ᠲᠤᠰᠬᠠᠢ ᠬᠠᠮᠠᠭᠠᠯᠠᠯᠲᠠ ᠲᠠᠢ ᠭᠠᠵᠠᠷ ᠤᠨ ᠪᠠᠶᠢᠭᠠᠯᠢ ᠣᠷᠴᠢᠨ ᠤ ᠪᠠᠶᠢᠴᠠᠭᠠᠭᠴᠢ ᠪᠠᠷ ᠠᠵᠢᠯᠯᠠᠵᠤ ᠪᠠᠶᠢᠭᠰᠠᠨ ᠳ∙ ᠯᠾᠬᠠᠪᠠᠴᠤᠭᠲᠤ᠂ ᠵ∙ᠲᠡᠮᠦᠷᠰᠦ᠋ᠬᠡ ᠨᠠᠷ ᠤᠨ ᠰᠠᠨᠠᠭᠠᠴᠢᠯᠭ᠎ᠠ ᠪᠠᠷ《ᠰᠠᠩᠲᠤ ᠶᠢᠨ ᠥᠪᠥᠷ》ᠭᠡᠳᠡᠭ ᠭᠠᠵᠠᠷ ᠮᠥᠰᠦᠨ ᠦ ᠪᠠᠶᠠᠷ ᠬᠢᠵᠦ᠂ ᠠᠷᠪᠠᠭᠠᠳ ᠴᠢᠷᠭ᠎ᠠ ᠲᠠᠢ ᠮᠣᠷᠢᠨ ᠤ ᠤᠷᠤᠯᠳᠤᠭᠠᠨ ᠳᠤ ᠨᠤᠲᠤᠭ ᠤᠨ ᠢᠷᠭᠡᠳ ᠣᠷᠣᠯᠴᠠᠵᠤ ᠪᠠᠶᠢᠭᠰᠠᠨ᠃ ᠬᠠᠷᠢᠨ ᠳᠠᠷᠠᠭ᠎ᠠ ᠵᠢᠯ ᠡᠴᠡ ᠨᠢ ᠪᠤᠶᠤ 2001 ᠣᠨ ᠠᠴᠠ ᠮᠥᠰᠦᠨ ᠦ ᠪᠠᠶᠠᠷ ᠤᠨ ᠬᠦᠷᠢᠶ᠎ᠡ ᠲᠡᠯᠡᠭᠰᠡᠭᠡᠷ ᠥᠨᠥᠳᠥᠷ ᠢ ᠬᠦᠷᠲᠡᠯ᠎ᠡ ᠤᠯᠠᠮᠵᠢᠯᠠᠯ ᠪᠣᠯᠭᠠᠨ ᠲᠡᠮᠳᠡᠭᠯᠡᠵᠦ᠂ ᠮᠣᠩᠭᠣᠯ ᠤᠯᠤᠰ ᠲᠤ ᠡᠪᠦᠯ ᠦᠨ ᠠᠶᠠᠯᠠᠯ ᠵᠢᠭᠤᠯᠴᠢᠯᠠᠯ ᠢ ᠬᠥᠭᠵᠢᠭᠦᠯᠬᠦ ᠨᠢᠭᠡᠨ ᠴᠢᠬᠤᠯᠠ ᠠᠵᠢᠯ ᠪᠣᠯᠵᠤ ᠥᠷᠭᠡᠵᠢᠨ ᠬᠥᠭᠵᠢᠵᠦ ᠪᠠᠶᠢᠭ᠎ᠠ ᠶᠤᠮ᠃
ᠮᠥᠰᠦᠨ ᠦ ᠪᠠᠶᠠᠷ ᠤᠨ ᠦᠶ᠎ᠡ ᠪᠡᠷ ᠮᠥᠰᠦᠨ ᠱᠠᠭ᠎ᠠ ᠶᠢᠨ ᠲᠡᠮᠡᠴᠡᠭᠡᠨ᠂ ᠤᠨᠤᠳᠠᠭ ᠳᠤᠭᠤᠢ᠂ ᠲᠡᠰᠢᠭᠦᠷ ᠦᠨ ᠲᠡᠮᠡᠴᠡᠭᠡᠨ᠂ ᠮᠤᠲ᠋ᠤ᠋ ᠰᠫᠣᠷᠲ ᠤᠨ ᠦᠵᠡᠭᠦᠯᠬᠦ ᠲᠣᠭᠯᠠᠯᠲᠠ᠂ ᠨᠣᠬᠠᠢ ᠴᠢᠷᠭᠠᠨ ᠤ ᠤᠷᠤᠯᠳᠤᠭᠠᠨ᠂ ᠮᠥᠰᠦᠨ ᠳᠡᠭᠡᠷᠡᠬᠢ ᠣᠯᠣᠰᠣ ᠲᠠᠲᠠᠯᠲᠠ᠂ ᠪᠤᠤᠬᠢᠶ᠎ᠠ ᠲᠡᠮᠡᠴᠡᠭᠡᠨ᠂ 《ᠠᠪᠤ᠂ ᠡᠵᠢ ᠪᠢ》 ᠲᠡᠮᠡᠴᠡᠭᠡᠨ᠂ ᠲᠠᠬ᠎ᠠ ᠲᠠᠢ ᠬᠠᠲᠠᠷᠢᠬᠤ ᠮᠣᠷᠢᠳ ᠤᠨ ᠤᠷᠤᠯᠳᠤᠭᠠᠨ᠂ ᠠᠶᠢᠮᠠᠭ ᠤᠨ ᠬᠥᠭᠵᠢᠮᠲᠦ ᠳ᠋ᠷᠠᠮ ᠤᠨ ᠲᠢᠶᠠᠲ᠋ᠷ ᠤᠨ ᠤᠷᠠᠨ ᠪᠦᠲᠦᠭᠡᠯᠴᠢᠳ ᠦᠨ ᠤᠷᠠᠯᠢᠭ ᠤᠨ ᠲᠣᠭᠯᠠᠯᠲᠠ᠂ ᠪᠥᠭᠡ ᠶᠢᠨ ᠲᠠᠬᠢᠯᠭ᠎ᠠ᠂ ᠵᠠᠩ ᠦᠢᠯᠡ ᠵᠡᠷᠭᠡ ᠦᠢᠯᠡ ᠠᠵᠢᠯᠯᠠᠭ᠎ᠠ ᠲᠣᠭᠲᠠᠮᠠᠯ ᠪᠣᠯᠳᠠᠭ ᠤᠯᠠᠮᠵᠢᠯᠠᠯ ᠲᠠᠢ ᠪᠢᠯᠡ᠃