ᠦᠨᠡᠲᠦ ᠴᠠᠭᠠᠰᠤᠨ ᠤ ᠵᠠᠬ᠎ᠠ ᠵᠡᠭᠡᠯᠢ ᠶᠢᠨ ᠬᠠᠤᠯᠢ ᠳᠤ ᠵᠢᠭᠠᠭᠰᠠᠨ ᠢᠶᠠᠷ ᠺᠣᠮᠫᠠᠨᠢ ᠶᠢᠨ ᠦᠷᠢ ᠶᠢᠨ ᠬᠡᠷᠡᠭᠰᠡᠯ ᠳᠦ ᠳᠠᠭᠠᠳᠬᠠᠯ ᠤᠨ ᠺᠣᠮᠫᠠᠨᠢ ᠨᠤᠭᠤᠳ ᠤᠨ ᠬᠥᠷᠥᠩᠭᠡ ᠪᠠᠶᠢᠷᠢᠰᠢᠭᠤᠯᠬᠤ ᠳᠡᠭᠡᠳᠦ ᠬᠤᠪᠢ ᠶᠢ 30 ᠪᠣᠯᠭᠠᠭᠠᠳ ᠪᠠᠶᠢᠨ᠎ᠠ᠃ ᠮᠥᠨ ᠮᠣᠩᠭᠣᠯ ᠤᠨ ᠬᠥᠷᠥᠩᠭᠡ ᠶᠢᠨ ᠪᠢᠷᠵᠢ ᠶᠢᠨ I ᠠᠩᠭᠢᠯᠠᠯ ᠳᠤ ᠪᠦᠷᠢᠳᠬᠡᠯ ᠲᠡᠢ ᠺᠣᠮᠫᠠᠨᠢ ᠶᠢᠨ ᠬᠤᠪᠢᠴᠠᠭᠠᠨ ᠳᠤ ᠬᠥᠷᠥᠩᠭᠡ ᠪᠠᠶᠢᠷᠢᠰᠢᠭᠤᠯᠬᠤ ᠳᠡᠭᠡᠳᠦ ᠬᠤᠪᠢ ᠶᠢ 20 ᠪᠣᠯᠭᠠᠨ ᠨᠡᠮᠡᠭᠳᠡᠭᠦᠯᠵᠡᠢ᠃
ᠡᠭᠦᠨ ᠲᠡᠢ ᠬᠣᠯᠪᠣᠭᠠᠲᠠᠢ ᠪᠠᠷ ᠳᠠᠭᠠᠳᠬᠠᠯ ᠤᠨ ᠺᠣᠮᠫᠠᠨᠢ ᠨᠤᠭᠤᠳ ᠤᠨ ᠪᠤᠨᠳ᠋᠂ ᠬᠤᠪᠢᠴᠠᠭ᠎ᠠ ᠬᠡᠯᠪᠡᠷᠢ ᠪᠡᠷ ᠬᠥᠷᠥᠩᠭᠡ ᠶᠢᠨ ᠵᠠᠬ᠎ᠠ ᠵᠡᠭᠡᠯᠢ ᠳᠦ ᠣᠷᠣᠭᠤᠯᠤᠭᠰᠠᠨ ᠬᠥᠷᠥᠩᠭᠡ ᠣᠷᠣᠭᠤᠯᠤᠯᠲᠠ ᠥᠰᠴᠦ᠂ 65.1 ᠲᠡᠷᠪᠤᠮ ᠲᠥᠭᠥᠷᠢᠭ ᠲᠦ ᠬᠦᠷᠴᠡᠢ᠃ ᠡᠨᠡ ᠨᠢ ᠡᠮᠦᠨᠡᠬᠢ 2020-2021 ᠣᠨ ᠲᠠᠢ ᠬᠠᠷᠢᠴᠠᠭᠤᠯᠬᠤ ᠳᠤ 140.2 ᠬᠤᠪᠢ ᠪᠠᠷ ᠨᠡᠮᠡᠭᠳᠡᠭᠡᠳ ᠪᠤᠢ ᠶᠢ ᠰᠠᠩᠬᠦᠦ ᠶᠢᠨ ᠵᠤᠬᠢᠴᠠᠭᠤᠯᠬᠤ ᠬᠤᠷᠢᠶ᠎ᠠ ᠮᠡᠳᠡᠭᠡᠯᠡᠯ᠎ᠡ᠃ ᠺᠣᠮᠫᠠᠨᠢ ᠶᠢᠨ ᠦᠷᠢ ᠶᠢᠨ ᠬᠡᠷᠡᠭᠰᠡᠯ ᠳᠦ ᠣᠷᠣᠭᠤᠯᠤᠭᠰᠠᠨ ᠬᠥᠷᠥᠩᠭᠡ ᠣᠷᠣᠭᠤᠯᠤᠯᠲᠠ 2020 ᠣᠨ ᠳᠤ 17.5 ᠲᠡᠷᠪᠤᠮ ᠲᠥᠭᠥᠷᠢᠭ ᠲᠦ ᠬᠦᠷᠴᠦ ᠪᠠᠶᠢᠪᠠ᠃ ᠬᠠᠷᠢᠨ ᠥᠩᠭᠡᠷᠡᠭᠰᠡᠨ ᠣᠨ ᠤ ᠵᠢᠯ ᠦᠨ ᠡᠴᠦᠰ ᠲᠦ ᠳᠡᠭᠡᠷᠡᠬᠢ ᠳ᠋ᠦᠩ 141 ᠬᠤᠪᠢ ᠪᠠᠷ ᠨᠡᠮᠡᠭᠳᠡᠨ 42.2᠂ ᠮᠣᠩᠭᠣᠯ ᠤᠨ ᠬᠥᠷᠥᠩᠭᠡ ᠶᠢᠨ ᠪᠢᠷᠵᠢ ᠶᠢᠨ I ᠠᠩᠭᠢᠯᠠᠯ ᠳᠤ ᠪᠦᠷᠢᠳᠬᠡᠯ ᠲᠡᠢ ᠺᠣᠮᠫᠠᠨᠢ ᠨᠤᠭᠤᠳ ᠤᠨ ᠬᠤᠪᠢᠴᠠᠭᠠᠨ ᠳᠤ ᠨᠣᠭᠳᠠᠭᠰᠠᠨ ᠬᠥᠷᠥᠩᠭᠡ ᠤᠷᠤᠭᠤᠯᠤᠯᠲᠠ 96.4 ᠬᠤᠪᠢ ᠪᠠᠷ ᠥᠰᠴᠦ 10.8 ᠲᠡᠷᠪᠤᠮ ᠲᠥᠭᠥᠷᠢᠭ ᠲᠦ ᠬᠦᠷᠴᠡᠢ᠃