ᠤᠯᠤᠰ ᠤᠨ ᠶᠡᠬᠡ ᠬᠤᠷᠠᠯ ᠤᠨ 2006 ᠣᠨ ᠤ 45 ᠳ᠋ᠤᠭᠠᠷ ᠲᠣᠭᠲᠠᠭᠠᠯ ᠢᠶᠠᠷ ᠪᠠᠲᠤᠯᠠᠭᠳᠠᠭᠰᠠᠨ《ᠰᠠᠩᠬᠦᠦ ᠶᠢᠨ ᠵᠣᠬᠢᠴᠠᠭᠤᠯᠬᠤ ᠬᠣᠷᠢᠶᠠᠨ ᠤ ᠳᠦᠷᠢᠮ》 ᠦᠨ 2 ᠳ᠋ᠤᠭᠠᠷ ᠵᠦᠢᠯ ᠦᠨ 2.1.5 ᠳᠦ ᠵᠢᠭᠠᠭᠰᠠᠨ ᠢᠶᠠᠷ ᠬᠣᠷᠢᠶ᠎ᠠ ᠨᠢ ᠰᠠᠩᠬᠦᠦ ᠶᠢᠨ ᠵᠠᠬ᠎ᠠ ᠵᠡᠭᠡᠯᠢ ᠳᠦ ᠺᠣᠮᠫᠠᠨᠢ ᠶᠢᠨ ᠵᠠᠰᠠᠭᠯᠠᠯ ᠤᠨ ᠵᠠᠷᠴᠢᠮ ᠢ ᠨᠡᠪᠲᠡᠷᠡᠭᠦᠯᠬᠦ᠂ ᠪᠣᠯᠪᠠᠰᠤᠷᠠᠩᠭᠤᠢ ᠪᠣᠯᠭᠠᠬᠤ ᠦᠨᠳᠦᠰᠦᠨ ᠵᠣᠷᠢᠯᠲᠠ ᠶᠢ ᠬᠠᠩᠭᠠᠬᠤ ᠪᠦᠷᠢᠨ ᠡᠷᠬᠡ ᠶᠢ ᠬᠡᠷᠡᠭᠵᠢᠭᠦᠯᠳᠡᠭ᠃ ᠡᠨᠡ ᠬᠦᠷᠢᠶᠡᠨ ᠳᠦ ᠰᠠᠩᠬᠦᠦ ᠶᠢᠨ ᠵᠣᠬᠢᠴᠠᠭᠤᠯᠬᠤ ᠬᠣᠷᠢᠶᠠᠨ ᠠᠴᠠ 2007 ᠣᠨ ᠳᠤ 《ᠺᠣᠮᠫᠠᠨᠢ ᠶᠢᠨ ᠵᠠᠰᠠᠭᠯᠠᠯ ᠤᠨ ᠺᠣᠳ᠋ᠧᠺᠰ》 ᠢ ᠪᠠᠲᠤᠯᠠᠨ ᠺᠣᠮᠫᠠᠨᠢ ᠶᠢᠨ ᠵᠠᠰᠠᠭᠯᠠᠯ ᠤᠨ ᠲᠠᠯᠠᠭᠠᠷᠬᠢ ᠮᠡᠳᠡᠯᠭᠡ᠂ ᠮᠡᠳᠡᠭᠡᠯᠡᠯ ᠢ ᠲᠦᠭᠡᠭᠡᠬᠦ᠂ ᠤᠭ ᠵᠠᠷᠴᠢᠮ ᠤᠳ ᠢ ᠬᠡᠷᠡᠭᠵᠢᠭᠦᠯᠬᠦ ᠦᠨᠳᠦᠰᠦᠨ ᠰᠠᠭᠤᠷᠢ ᠶᠢ ᠲᠠᠯᠪᠢᠵᠤ᠂ ᠤᠯᠠᠮ ᠢᠶᠠᠷ 2014 ᠣᠨ ᠳᠤ ᠰᠢᠨᠡᠴᠢᠯᠡᠭᠰᠡᠨ᠃
ᠮᠠᠨ ᠤ ᠤᠯᠤᠰ ᠲᠤ ᠺᠣᠮᠫᠠᠨᠢ ᠨᠤᠭᠤᠳ ᠤᠨ ᠣᠷᠣᠯᠴᠠᠭᠴᠢ ᠲᠠᠯ᠎ᠠ ᠨᠤᠭᠤᠳ ᠤᠨ ᠴᠢᠳᠠᠮᠵᠢ ᠬᠠᠷᠢᠯᠴᠠᠨ ᠠᠳᠠᠯᠢ ᠦᠭᠡᠢ᠂ ᠺᠣᠮᠫᠠᠨᠢ ᠶᠢᠨ ᠳᠣᠲᠣᠭᠠᠳᠤ ᠡᠷᠬᠡ ᠵᠦᠢ ᠶᠢᠨ ᠵᠣᠬᠢᠴᠠᠭᠤᠯᠤᠯᠲᠠ ᠲᠡᠳᠦᠶᠢᠯᠡᠨ ᠬᠠᠩᠭᠠᠯᠲᠠ ᠲᠠᠢ ᠪᠢᠰᠢ᠂ ᠲᠥᠯᠥᠭᠡᠯᠡᠨ ᠤᠳᠤᠷᠢᠳᠬᠤ ᠵᠥᠪᠯᠡᠯ᠂ ᠭᠦᠢᠴᠡᠳᠭᠡᠬᠦ ᠤᠳᠤᠷᠢᠳᠤᠯᠭ᠎ᠠ ᠶᠢᠨ ᠡᠭᠦᠷᠭᠡ᠂ ᠬᠠᠷᠢᠭᠤᠴᠠᠯᠭ᠎ᠠ ᠲᠣᠳᠣᠷᠬᠠᠢ ᠪᠤᠰᠤ ᠵᠡᠷᠭᠡ ᠡᠴᠡ ᠬᠥᠷᠥᠩᠭᠡ ᠣᠷᠣᠭᠤᠯᠤᠭᠴᠢ᠂ ᠬᠤᠪᠢᠴᠠᠭ᠎ᠠ ᠡᠵᠡᠮᠰᠢᠭᠴᠢ ᠪᠣᠯᠤᠨ ᠪᠤᠰᠤᠳ ᠣᠷᠣᠯᠴᠠᠭᠴᠢ ᠲᠠᠯ᠎ᠠ ᠨᠤᠭᠤᠳ ᠤᠨ ᠡᠷᠬᠡ ᠠᠰᠢᠭ ᠬᠣᠬᠢᠷᠠᠬᠤ ᠶᠠᠪᠤᠳᠠᠯ ᠴᠥᠭᠡᠨ ᠦᠭᠡᠢ ᠭᠠᠷᠴᠤ ᠪᠠᠶᠢᠪᠠ᠃ ᠡᠶᠢᠮᠦ ᠳᠦ ᠺᠣᠮᠫᠠᠨᠢ ᠶᠢᠨ ᠵᠠᠰᠠᠭᠯᠠᠯ ᠤᠨ ᠲᠤᠯᠭᠠᠭᠤᠷᠢ ᠵᠠᠷᠴᠢᠮ ᠤᠳ ᠲᠤ ᠲᠤᠯᠭᠠᠭᠤᠷᠢᠯᠠᠵᠤ᠂ ᠰᠠᠩᠬᠦᠦ ᠶᠢᠨ ᠵᠠᠬ᠎ᠠ ᠵᠡᠭᠡᠯᠢ ᠶᠢᠨ ᠦᠨᠳᠦᠰᠦᠨ ᠦ ᠣᠨᠴᠠᠯᠢᠭ᠂ ᠲᠤᠯᠭᠠᠷᠠᠵᠤ ᠪᠤᠢ ᠬᠦᠨᠳᠦᠷᠡᠯᠲᠡᠢ ᠠᠰᠠᠭᠤᠳᠠᠯ ᠤᠳ ᠲᠤ ᠲᠣᠬᠢᠷᠠᠭᠰᠠᠨ ᠨᠡᠮᠡᠯᠲᠡ ᠱᠠᠭᠠᠷᠳᠠᠯᠭ᠎ᠠ᠂ ᠰᠢᠯᠭᠠᠭᠤᠷ ᠢ ᠪᠤᠢ ᠪᠣᠯᠭᠠᠵᠤ᠂ ᠲᠡᠳᠡᠭᠡᠷ ᠢ ᠬᠡᠷᠡᠭᠵᠢᠭᠦᠯᠬᠦ ᠱᠠᠭᠠᠷᠳᠠᠯᠭ᠎ᠠ ᠨᠢᠭᠡᠨᠲᠡ ᠡᠭᠦᠰᠦᠭᠰᠡᠨ ᠲᠤᠯᠠ ᠬᠣᠷᠢᠶᠠᠨ ᠠᠴᠠ《ᠺᠣᠮᠫᠠᠨᠢ ᠶᠢᠨ ᠵᠠᠰᠠᠭᠯᠠᠯ ᠤᠨ ᠺᠣᠳ᠋ᠧᠺᠰ》 ᠤᠨ ᠰᠢᠨᠡᠴᠢᠯᠡᠯ ᠢ ᠡᠬᠢᠯᠡᠭᠦᠯᠦᠭᠡᠳ ᠪᠠᠶᠢᠨ᠎ᠠ᠃ ᠰᠢᠨᠡᠴᠢᠯᠡᠨ ᠪᠣᠯᠪᠠᠰᠤᠷᠠᠭᠤᠯᠤᠭᠰᠠᠨ ᠺᠣᠳ᠋ᠧᠺᠰ ᠤᠨ ᠲᠥᠰᠥᠯ ᠢ ᠡᠨᠡ ᠬᠣᠶᠠᠳᠤᠭᠠᠷ ᠰᠠᠷ᠎ᠠ ᠳᠤ ᠪᠠᠭᠲᠠᠭᠠᠵᠤ᠂ ᠣᠯᠠᠨ ᠨᠡᠶᠢᠲᠡ ᠳᠦ ᠲᠠᠨᠢᠯᠴᠠᠭᠤᠯᠬᠤ ᠲᠤᠯᠠ ᠰᠠᠩᠬᠦᠦ ᠶᠢᠨ ᠵᠠᠬ᠎ᠠ ᠵᠡᠭᠡᠯᠢ ᠳᠦ ᠣᠷᠣᠯᠴᠠᠭᠴᠢᠳ ᠬᠣᠯᠪᠣᠭᠳᠠᠬᠤ ᠰᠠᠨᠠᠯ ᠢᠶᠠᠨ ᠢᠷᠡᠭᠦᠯᠵᠦ᠂ ᠬᠣᠷᠢᠶᠠᠨ ᠠᠴᠠ ᠵᠣᠬᠢᠶᠠᠨ ᠪᠠᠶᠢᠭᠤᠯᠬᠤ ᠬᠡᠯᠡᠯᠴᠡᠭᠦᠯᠭᠡ᠂ ᠰᠤᠷᠭᠠᠯᠲᠠ ᠳᠤ ᠢᠳᠡᠪᠬᠢᠲᠡᠢ ᠣᠷᠣᠯᠴᠠᠬᠤ ᠶᠢ ᠵᠥᠪᠯᠡᠵᠦ ᠪᠠᠶᠢᠨ᠎ᠠ᠃