ᠬᠤᠳᠠᠯᠳᠤᠭᠠᠨ ᠤ ᠰᠠᠯᠪᠤᠷᠢ ᠶᠢᠨ ᠪᠣᠷᠣᠯᠠᠭᠤᠯᠤᠯᠲᠠ ᠶᠢᠨ ᠣᠷᠣᠯᠭ᠎ᠠ 2021 ᠣᠨ ᠳᠤ 27.8 ᠶᠡᠬᠡ ᠨᠠᠶᠤᠳ ᠲᠥᠭᠥᠷᠢᠭ ᠪᠣᠯᠵᠤ᠂ ᠡᠮᠦᠨᠡᠬᠢ ᠣᠨ ᠤ ᠬᠢ ᠠᠴᠠ 5.7 ᠶᠡᠬᠡ ᠨᠠᠶᠤᠳ ᠲᠥᠭᠥᠷᠢᠭ ᠪᠤᠶᠤ 26 ᠬᠤᠪᠢ ᠪᠠᠷ ᠨᠡᠮᠡᠭᠳᠡᠯ᠎ᠡ᠃ ᠡᠭᠦᠨ ᠳᠦ ᠬᠦᠨᠡᠰᠦᠨ ᠦ ᠪᠦᠲᠦᠭᠡᠭᠳᠡᠬᠦᠨ᠂ ᠰᠢᠲᠠᠬᠤᠨ ᠤ ᠪᠦᠭᠡᠮ ᠪᠣᠯᠤᠨ ᠵᠢᠵᠢᠭᠯᠡᠨ ᠬᠤᠳᠠᠯᠳᠤᠭ᠎ᠠ᠂ ᠲᠥᠯᠥᠪᠦᠷᠢ ᠡᠰᠡᠪᠡᠯ ᠭᠡᠷ᠎ᠡ ᠶᠢᠨ ᠦᠨᠳᠦᠰᠦᠨ ᠳᠡᠭᠡᠷ᠎ᠡ ᠬᠢᠬᠦ ᠪᠦᠭᠡᠮ ᠦᠨ ᠬᠤᠳᠠᠯᠳᠤᠭ᠎ᠠ᠂ ᠡᠮ᠂ ᠭᠣᠸ᠎ᠠ ᠰᠠᠶᠢᠬᠠᠨ᠂ ᠠᠷᠢᠭᠤᠨ ᠴᠡᠪᠡᠷ ᠦᠨ ᠪᠠᠷᠠᠭᠠᠨ ᠤ ᠵᠢᠵᠢᠭᠯᠡᠨ ᠬᠤᠳᠠᠯᠳᠤᠭ᠎ᠠ ᠨᠡᠮᠡᠭᠳᠡᠭᠰᠡᠨ ᠨᠢ ᠨᠥᠯᠦᠭᠡᠯᠡᠭᠰᠡᠨ ᠪᠠᠶᠢᠨ᠎ᠠ᠃
ᠬᠤᠳᠠᠯᠳᠤᠭᠠᠨ ᠤ ᠰᠠᠯᠪᠤᠷᠢ ᠶᠢᠨ ᠪᠣᠷᠣᠯᠠᠭᠤᠯᠤᠯᠲᠠ ᠶᠢᠨ ᠣᠷᠣᠯᠭ᠎ᠠ ᠶᠢᠨ 83.8 ᠬᠤᠪᠢ ᠨᠢ ᠨᠡᠶᠢᠰᠯᠡᠯ ᠳᠦ ᠨᠣᠭᠳᠠᠵᠤ ᠪᠠᠶᠢᠭ᠎ᠠ ᠶᠢ ᠦᠨᠳᠦᠰᠦᠨ ᠦ ᠰᠲ᠋ᠠᠲ᠋ᠢᠰᠲ᠋ᠢᠺ ᠤᠨ ᠬᠣᠷᠢᠶ᠎ᠠ ᠮᠡᠳᠡᠭᠡᠯᠡᠪᠡ᠃ ᠤᠯᠠᠭᠠᠨᠪᠠᠭᠠᠲᠤᠷ ᠬᠣᠲᠠ ᠶᠢᠨ ᠬᠢ 2021 ᠣᠨ ᠳᠤ 23.3 ᠶᠡᠬᠡ ᠨᠠᠶᠤᠳ ᠲᠥᠭᠥᠷᠢᠭ ᠪᠣᠯᠵᠤ᠂ ᠡᠮᠦᠨᠡᠬᠢ ᠣᠨ ᠤ ᠬᠢ ᠠᠴᠠ 4.8 ᠶᠡᠬᠡ ᠨᠠᠶᠤᠳ ᠲᠥᠭᠥᠷᠢᠭ ᠢᠶᠡᠷ ᠥᠰᠦᠭᠰᠡᠨ᠃ ᠬᠠᠷᠢᠨ ᠠᠶᠢᠮᠠᠭ ᠤᠳ ᠲᠤ 7.7-55.2 ᠬᠤᠪᠢ ᠪᠠᠷ ᠨᠡᠮᠡᠭᠳᠡᠵᠡᠢ᠃