ᠮᠣᠩᠭᠣᠯ ᠳᠤ ᠠᠩᠬ᠎ᠠ ᠤᠳᠠᠭ᠎ᠠ ᠦᠨᠡᠲᠦ ᠮᠧᠲ᠋ᠠᠯ᠂ ᠦᠨᠡᠲᠦ ᠴᠢᠯᠠᠭᠤ ᠪᠠᠷ ᠪᠦᠲᠦᠭᠡᠭᠳᠡᠬᠦᠨ ᠦᠢᠯᠡᠳᠪᠦᠷᠢᠯᠡᠭᠴᠢ᠂ ᠤᠷᠠᠯᠠᠭᠴᠢ ᠭᠤᠶᠤᠯᠠᠯ ᠴᠢᠮᠡᠭᠯᠡᠯ ᠦᠨ ᠬᠤᠳᠠᠯᠳᠤᠭ᠎ᠠ ᠡᠷᠬᠢᠯᠡᠭᠴᠢ ᠠᠯᠪᠠᠨ ᠪᠠᠶᠢᠭᠤᠯᠤᠯᠭ᠎ᠠ᠂ ᠢᠷᠭᠡᠳ ᠢ ᠨᠢᠭᠡᠳᠬᠡᠭᠰᠡᠨ ᠦᠵᠡᠰᠬᠦᠯᠡᠩ ᠬᠤᠳᠠᠯᠳᠤᠭ᠎ᠠ ᠪᠣᠯᠤᠯ᠎ᠠ᠃ ᠡᠨᠡ ᠨᠢ ᠰᠠᠯᠪᠤᠷᠢ ᠶᠢ ᠨᠢᠭᠡᠳᠦᠭᠰᠡᠨ ᠮᠡᠳᠡᠭᠡᠯᠡᠯ ᠢᠶᠡᠷ ᠬᠠᠩᠭᠠᠬᠤ᠂ ᠪᠦᠲᠦᠭᠡᠭᠳᠡᠬᠦᠨ ᠦᠢᠯᠡᠴᠢᠯᠡᠭᠡ ᠶᠢ ᠲᠥᠷᠥ ᠪᠣᠯᠤᠨ ᠣᠯᠠᠨ ᠨᠡᠶᠢᠲᠡ ᠳᠦ ᠰᠤᠷᠲᠠᠯᠴᠢᠯᠠᠨ ᠲᠠᠨᠢᠭᠤᠯᠬᠤ᠂ ᠪᠣᠷᠣᠯᠠᠭᠤᠯᠤᠯᠲᠠ ᠳᠤ ᠳᠡᠮᠵᠢᠯᠭᠡ ᠦᠵᠡᠭᠦᠯᠬᠦ ᠵᠣᠷᠢᠯᠭ᠎ᠠ ᠲᠠᠢ᠃
ᠦᠵᠡᠰᠬᠦᠯᠡᠩ ᠢ 《ᠦᠨᠡᠲᠦ ᠮᠧᠲ᠋ᠠᠯ ᠤᠨ ᠦᠨᠳᠦᠰᠦᠨ ᠦ ᠬᠣᠯᠪᠣᠭ᠎ᠠ》᠂ 《ᠮᠢᠰᠢᠶᠡᠯ ᠡᠺᠰᠫᠣ》ᠰᠠᠨᠠᠭᠠᠴᠢᠯᠠᠨ ᠰᠤᠶᠤᠯ ᠤᠨ ᠶᠠᠮᠤᠨ᠂ ᠮᠣᠩᠭᠣᠯ ᠪᠠᠩᠬᠢ᠂ ᠰᠠᠩᠬᠦᠦ ᠶᠢᠨ ᠵᠣᠬᠢᠴᠠᠭᠤᠯᠬᠤ ᠬᠣᠷᠢᠶ᠎ᠠ᠂ ᠰᠲ᠋ᠠᠨᠳᠠᠷᠲ ᠬᠡᠮᠵᠢᠯ ᠵᠦᠢ ᠶᠢᠨ ᠭᠠᠵᠠᠷ ᠤᠨ ᠳᠡᠮᠵᠢᠯᠭᠡ ᠲᠡᠢ ᠪᠡᠷ 《ᠲᠦᠮᠡᠨ ᠡᠷᠳᠡᠨᠢᠰ》ᠬᠣᠯᠪᠣᠭ᠎ᠠ᠂ ᠠᠯᠲᠠ ᠠᠷᠠᠯᠵᠢᠶᠠᠯᠠᠭᠴᠢᠳ ᠤᠨ ᠬᠣᠯᠪᠣᠭ᠎ᠠ᠂ 《ᠡᠪᠲᠦ ᠬᠣᠯᠪᠣᠭ᠎ᠠ》᠂ 《ᠮᠣᠩᠭᠣᠯ ᠤᠨ ᠪᠢᠴᠢᠯ ᠠᠭᠤᠷᠬᠠᠢ ᠶᠢᠨ ᠨᠢᠭᠡᠳᠦᠭᠰᠡᠨ ᠳᠡᠭᠡᠪᠦᠷ ᠬᠣᠯᠪᠣᠭ᠎ᠠ》᠂ Planet gold Mongolia ᠬᠠᠮᠲᠤᠷᠠᠨ MONGOLIAN JEWELLERY ᠊ METAL EXPO-2022 ᠵᠣᠬᠢᠶᠠᠨ ᠪᠠᠶᠢᠭᠤᠯᠵᠤ ᠪᠠᠶᠢᠨ᠎ᠠ᠃