ᠠᠵᠤ ᠠᠬᠤᠢ ᠶᠢᠨ ᠨᠢᠭᠡᠴᠢ᠂ ᠪᠠᠶᠢᠭᠤᠯᠤᠯᠭ᠎ᠠ᠂ ᠢᠷᠭᠡᠳ ᠲᠤ ᠣᠯᠭᠤᠭᠰᠠᠨ ᠨᠡᠶᠢᠲᠡ ᠵᠢᠭᠡᠯᠡ ᠶᠢᠨ ᠥᠷᠢ ᠶᠢᠨ ᠦᠯᠡᠳᠡᠭᠳᠡᠯ ᠡᠨᠡ ᠣᠨ ᠤ ᠭᠤᠷᠪᠠᠳᠤᠭᠠᠷ ᠰᠠᠷ᠎ᠠ ᠶᠢᠨ ᠡᠴᠦᠰ ᠤᠨ ᠪᠠᠶᠢᠳᠠᠯ ᠢᠶᠠᠷ 22.1 ᠶᠡᠭᠡ ᠨᠠᠶᠤᠳ ᠲᠥᠭᠦᠷᠢᠭ ᠪᠣᠯᠣᠯ᠎ᠠ᠃ ᠡᠨᠡ ᠨᠢ ᠡᠮᠦᠨᠡᠬᠢ ᠣᠨ ᠤ ᠮᠦᠠ ᠦᠶ᠎ᠡ ᠶᠢᠨ ᠬᠢ ᠠᠴᠠ 4.5 ᠶᠡᠭᠡ ᠨᠠᠶᠤᠳ ᠲᠥᠭᠦᠷᠢᠭ ᠢᠶᠠᠷ ᠨᠡᠮᠡᠭᠳᠡᠭᠰᠡᠨ ᠪᠠᠶᠢᠨ᠎ᠡ᠃᠃
ᠨᠡᠶᠢᠲᠡ ᠵᠢᠭᠡᠯᠡ ᠶᠢᠨ ᠥᠷᠢ ᠶᠢᠨ ᠦᠯᠡᠳᠡᠭᠳᠡᠯ ᠤᠨ 51.9 ᠬᠤᠪᠢ ᠨᠢ ᠢᠷᠭᠡᠳ᠂ 46 ᠬᠤᠪᠢ ᠨᠢ ᠬᠤᠪᠢ ᠶᠢᠨ᠂ 1.3 ᠬᠤᠪᠢ ᠨᠢ ᠲᠥᠷᠦ ᠶᠢᠨ᠂ 0.8 ᠬᠤᠪᠢ ᠨᠢ ᠰᠠᠩᠬᠦᠦ ᠶᠢᠨ ᠪᠤᠯᠦᠠ ᠪᠤᠰᠤᠳ ᠪᠠᠶᠢᠭᠤᠯᠤᠯᠭ᠎ᠠ ᠶᠢᠨ ᠬᠢ ᠶᠤᠮ᠃ ᠬᠡᠪ ᠤᠨ ᠵᠢᠭᠡᠯᠡ ᠶᠢᠨ ᠥᠷᠢ ᠶᠢᠨ ᠦᠯᠡᠳᠡᠭᠳᠡᠯ ᠨᠡᠶᠢᠲᠡ ᠵᠢᠭᠡᠯᠡ ᠶᠢᠨ ᠥᠷᠢ ᠶᠢᠨ ᠦᠯᠡᠳᠡᠭᠳᠡᠯ ᠤᠨ 86 ᠬᠤᠪᠢ ᠶᠢ ᠡᠵᠡᠯᠡᠵᠦ ᠪᠠᠶᠢᠨ᠎ᠡ᠃
ᠬᠠᠷᠢᠨ ᠬᠤᠭᠤᠴᠠᠭ᠎ᠠ ᠬᠡᠲᠦᠷᠡᠭᠰᠡᠨ ᠵᠢᠭᠡᠯᠡ ᠶᠢᠨ ᠥᠷᠢ ᠶᠢᠨ ᠦᠯᠡᠳᠡᠭᠳᠡᠯ ᠭᠤᠷᠪᠠᠳᠤᠭᠠᠷ ᠰᠠᠷ᠎ᠠ ᠶᠢᠨ ᠡᠴᠦᠰ ᠲᠤ 969.3 ᠲᠡᠷᠪᠤᠮ ᠲᠥᠭᠦᠷᠢᠭ ᠪᠣᠯᠪᠠ᠃ ᠡᠨᠡ ᠨᠢ ᠡᠮᠦᠨᠡᠬᠢ ᠣᠨ ᠤ ᠮᠦᠠ ᠦᠶ᠎ᠡ ᠶᠢᠨ ᠬᠢ ᠠᠴᠠ 313.3 ᠲᠡᠷᠪᠤᠮ ᠲᠥᠭᠦᠷᠢᠭ ᠢᠶᠠᠷ ᠪᠠᠭᠠᠰᠤᠭᠰᠠᠨ ᠦᠵᠡᠭᠦᠯᠦᠯᠲᠡ ᠶᠤᠮ᠃ ᠬᠤᠭᠤᠴᠠᠭ᠎ᠠ ᠬᠡᠲᠦᠷᠡᠭᠰᠡᠨ ᠵᠢᠭᠡᠯᠡ ᠶᠢᠨ ᠥᠷᠢ ᠶᠢᠨ ᠦᠯᠡᠳᠡᠭᠳᠡᠯ ᠨᠡᠶᠢᠲᠡ ᠵᠢᠭᠡᠯᠡ ᠶᠢᠨ ᠥᠷᠢ ᠶᠢᠨ ᠦᠯᠡᠳᠡᠭᠳᠡᠯ ᠤᠨ 4.4 ᠬᠤᠪᠢ ᠶᠢ ᠡᠵᠡᠯᠡᠵᠦ ᠪᠠᠶᠢᠪᠠ᠃
ᠪᠠᠩᠬᠢᠨ ᠤ ᠰᠢᠰᠲ᠋ᠧᠮ ᠤᠨ ᠬᠡᠮᠵᠢᠶᠡᠨ ᠳᠤ ᠴᠢᠨᠠᠷ ᠦᠭᠡᠶ ᠵᠢᠭᠡᠯᠡ ᠭᠤᠷᠪᠠᠳᠤᠭᠠᠷ ᠰᠠᠷ᠎ᠠ ᠶᠢᠨ ᠡᠴᠦᠰ ᠲᠤ 2.1 ᠶᠡᠭᠡ ᠨᠠᠶᠤᠳ ᠲᠥᠭᠦᠷᠢᠭ ᠪᠣᠯᠵᠤ᠂ ᠡᠮᠦᠨᠡᠬᠢ ᠣᠨ ᠤ ᠮᠦᠠ ᠦᠶ᠎ᠡ ᠶᠢᠨ ᠬᠢ ᠠᠴᠠ 103.8 ᠲᠡᠷᠪᠤᠮ ᠲᠥᠭᠦᠷᠢᠭ ᠢᠶᠠᠷ ᠨᠡᠮᠡᠭᠳᠡᠯ᠎ᠡ᠃ ᠴᠢᠨᠠᠷ ᠦᠭᠡᠶ ᠵᠢᠭᠡᠯᠡ ᠨᠡᠶᠢᠲᠡ ᠵᠢᠭᠡᠯᠡ ᠶᠢᠨ ᠥᠷᠢ ᠶᠢᠨ ᠦᠯᠡᠳᠡᠭᠳᠡᠯ ᠤᠨ 9.6 ᠬᠤᠪᠢ ᠶᠢ ᠡᠵᠡᠯᠡᠵᠦ ᠪᠠᠶᠢᠨ᠎ᠡ᠃