ᠪᠣᠯᠪᠠᠰᠤᠷᠠᠯ᠂ ᠰᠢᠨᠵᠢᠯᠡᠬᠦ ᠤᠬᠠᠭᠠᠨ ᠤ ᠰᠠᠶᠢᠳ ᠯ᠊ · ᠡᠩᠬᠡ ᠠᠮᠦᠭᠤᠯᠡᠩ ᠲᠡᠷᠢᠭᠦᠲᠡᠢ ᠲᠥᠯᠦᠭᠡᠯᠡᠭᠴᠢᠳ ᠲᠠᠶᠢᠯᠠᠨᠳ᠋ ᠤᠨ ᠬᠠᠭᠠᠨᠲᠤ ᠤᠯᠤᠰ ᠤᠨ ᠪᠠᠩᠺᠤᠺ ᠬᠤᠲᠠᠨ᠎ᠠ ᠡᠨᠡ 6 ᠳ᠋ᠤᠭᠠᠷ ᠰᠠᠷ᠎ᠠ ᠶᠢᠨ 5-7 ᠤ ᠡᠳᠦᠷ ᠤᠳ ᠲᠤ ᠵᠣᠬᠢᠶᠠᠨ ᠪᠠᠶᠢᠭᠤᠯᠤᠭᠳᠠᠵᠤ ᠪᠤᠶ ︽ᠲᠣᠭᠲᠠᠪᠤᠷᠢᠲᠠᠶ ᠬᠥᠭᠵᠢᠯ ᠤᠨ ᠳᠦᠷᠪᠡᠳᠡᠬᠢ ᠵᠣᠷᠢᠯᠲᠠ ᠪᠣᠯᠪᠠᠰᠤᠷᠠᠯ 2030︾ᠰᠡᠳᠦᠪ ᠤᠨ ᠬᠦᠷᠢᠶᠡᠨ ᠳᠠᠬᠢ ᠠᠽᠢᠶ᠎ᠠ᠂ ᠨᠤᠮᠦᠬᠠᠠ ᠳᠠᠯᠠᠢ ᠶᠢᠨ ᠪᠣᠯᠪᠠᠰᠤᠷᠠᠯ ᠤᠨ ᠰᠠᠶᠢᠳ ᠨᠠᠷ ᠤᠨ ᠬᠤᠶᠠᠳᠤᠭᠠᠷ ᠪᠠᠭ᠎ᠠ ᠬᠤᠷᠠᠯ ᠳᠤ ᠣᠷᠣᠯᠴᠠᠵᠤ ᠪᠠᠶᠢᠨ᠎ᠡ᠃
ᠵᠢᠷᠭᠤᠳᠤᠭᠠᠷ ᠰᠠᠷ᠎ᠠ ᠶᠢᠨ 7 ᠤ ᠡᠳᠦᠷ ᠯ᠊ ·ᠡᠩᠬᠡ ᠠᠮᠦᠭᠤᠯᠡᠩ ᠶᠤᠨᠧᠰᠺᠤ ᠶᠢᠨ ᠭᠦᠢᠴᠡᠳᠬᠡᠬᠦ ᠵᠥᠪᠯᠡᠯ ᠤᠨ ᠳᠠᠷᠤᠭ᠎ᠠ᠂ ᠬᠠᠲᠤᠭᠲᠠᠶ ᠲᠠᠮᠠᠷᠠ ᠷᠠᠰᠲ᠋ᠤᠸᠠᠺ ᠰᠢᠶᠠᠮᠢᠱᠸᠢᠯ ᠲᠠᠢ ᠠᠭᠤᠯᠵᠠᠵᠤ᠂ ᠲᠡᠭᠦᠨ ᠦ ᠮᠣᠩᠭᠤᠯ ᠤᠯᠤᠰ ᠲᠤ ᠬᠢᠬᠦ ᠠᠯᠪᠠᠨ ᠶᠣᠰᠣᠨ ᠤ ᠠᠶᠢᠯᠴᠢᠯᠠᠯ ᠤᠨ ᠪᠡᠯᠡᠳᠬᠡᠯ ᠢ ᠬᠠᠩᠭᠠᠬᠤ᠂ ᠠᠶᠢᠯᠴᠢᠯᠠᠯ ᠤᠨ ᠦᠶ᠎ᠡ ᠪᠠᠷ ᠪᠠᠶᠢᠭᠤᠯᠬᠤ ᠪᠠᠷᠢᠮᠲᠠ ᠪᠢᠴᠢᠭ ᠤᠨ ᠲᠠᠯ᠎ᠠ ᠪᠠᠷ ᠶᠠᠷᠢᠯᠴᠠᠪᠠ᠃ ᠠᠭᠤᠯᠵᠠᠯᠲᠠ ᠶᠢᠨ ᠦᠶ᠎ᠡ ᠪᠠᠷ︽ᠪᠣᠯᠪᠠᠰᠤᠷᠠᠯ ᠢ ᠳᠠᠬᠢᠨ ᠲᠦᠰᠦᠭᠡᠯᠡᠬᠦ᠄ ᠪᠣᠯᠪᠠᠰᠤᠷᠠᠯ ᠤᠨ ᠲᠥᠯᠥᠭᠡᠬᠢ ᠨᠡᠶᠢᠭᠡᠮ ᠤᠨ ᠰᠢᠨ᠎ᠡ ᠭᠡᠷ᠎ᠡ︵Reimagining Education᠄ A new social contract for education︶ᠰᠡᠳᠦᠪᠲᠦ ᠲᠠᠶᠢᠯᠤᠨ ᠢ ᠮᠣᠩᠭᠤᠯ ᠬᠡᠯᠡ ᠪᠠᠷ ᠣᠷᠴᠢᠭᠤᠯᠵᠤ᠂ ᠦᠨᠳᠦᠰᠦᠨ ᠤ ᠬᠡᠯᠡᠯᠴᠡᠭᠦᠯᠭᠡ ᠵᠣᠬᠢᠶᠠᠨ ᠪᠠᠶᠢᠭᠤᠯᠬᠤ ᠪᠠᠷ ᠬᠤᠶᠠᠷ ᠲᠠᠯ᠎ᠠ ᠲᠣᠬᠢᠷᠠᠪᠠ ᠭᠡᠵᠦ ᠭᠠᠳᠠᠭᠠᠳᠤ ᠬᠠᠷᠢᠯᠴᠠᠭᠠᠨ ᠤ ᠶᠠᠮᠤᠨ ᠠᠴᠠ ᠮᠡᠳᠡᠭᠡᠯᠡᠪᠡ᠃