ᠮᠤᠩᠭᠤᠯ ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠤᠷᠢ ᠶᠢᠨ ᠲᠠᠩᠬᠢᠮ᠂ ᠪᠦᠬᠦᠳᠠ ᠨᠠᠶᠢᠷᠠᠮᠳᠠᠬᠤ ᠰᠣᠼᠢᠶᠠᠯᠢᠰᠲ ᠸᠢᠶᠧᠲᠨᠠᠮ ᠤᠯᠤᠰ ᠠᠴᠠ ᠮᠣᠩᠭᠤᠯ ᠤᠯᠤᠰ ᠲᠤ ᠰᠠᠭᠤᠭ᠎ᠠ ᠡᠯᠴᠢᠨ ᠰᠠᠢᠳ ᠤᠨ ᠶᠠᠮᠤᠨ ᠬᠠᠮᠲᠤᠷᠠᠨ ᠵᠢᠷᠭᠤᠳᠤᠭᠠᠷ ᠰᠠᠷ᠎ᠠ ᠶᠢᠨ 22 ᠳᠤ ᠮᠤᠩᠭᠤᠯ ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠤᠷᠢ ᠶᠢᠨ ᠲᠠᠩᠬᠢᠮ ᠤᠨ ᠶᠡᠭᠡ ᠲᠠᠩᠬᠢᠮ ᠳᠤ︽ᠮᠣᠩᠭᠤᠯ ᠸᠢᠶᠧᠲᠨᠠᠮ ᠤᠨ ᠪᠢᠽᠨᠧᠰ ᠹᠤᠷᠤᠮ︾ᠵᠣᠬᠢᠶᠠᠨ ᠪᠠᠶᠢᠭᠤᠯᠤᠨ᠎ᠠ᠃
ᠬᠤᠶᠠᠷ ᠣᠷᠣᠨ ᠤ ᠡᠳ᠋ ᠤᠨ ᠵᠠᠰᠠᠭ᠂ ᠬᠥᠷᠥᠩᠭᠡ ᠣᠷᠤᠭᠤᠯᠤᠯᠲᠠ ᠶᠢᠨ ᠪᠣᠯᠣᠮᠵᠢ ᠨᠤᠭᠤᠳ ᠤᠨ ᠲᠤᠬᠠᠶ ᠰᠠᠨᠠᠯ ᠰᠣᠯᠢᠯᠴᠠᠵᠤ᠂ ᠪᠦᠬᠦᠳᠠ ᠨᠠᠶᠢᠷᠠᠮᠳᠠᠬᠤ ᠰᠣᠼᠢᠶᠠᠯᠢᠰᠲ ᠸᠢᠶᠧᠲᠨᠠᠮ ᠤᠯᠤᠰ ᠤᠨ ᠪᠢᠽᠨᠧᠰ ᠤᠨ ᠰᠠᠯᠪᠤᠷᠢ ᠶᠢᠨ ᠲᠡᠷᠢᠭᠦᠯᠡᠬᠦ 70 ᠭᠠᠷᠦᠢ ᠠᠵᠤ ᠠᠬᠤᠢ ᠶᠢᠨ ᠨᠢᠭᠡᠴᠢ ᠲᠠᠢ В2В ᠠᠭᠤᠯᠵᠠᠯᠲᠠ ᠨᠤᠭᠤᠳ ᠵᠣᠬᠢᠶᠠᠨ ᠪᠠᠶᠢᠭᠤᠯᠬᠤ ᠶᠤᠮ᠃ ᠡᠭᠦᠨ ᠳᠦ ᠬᠦᠨᠡᠰᠦ ᠬᠥᠳᠡᠭᠡ ᠠᠵᠤ ᠠᠬᠤᠶ᠂ ᠡᠷᠴᠢᠮ ᠬᠦᠴᠦ᠂ ᠪᠠᠷᠢᠯᠭ᠎ᠠ᠂ ᠡᠷᠡᠭᠦᠯ ᠮᠡᠨᠳᠦ᠂ ᠡᠮᠨᠡᠯᠭᠡ ᠶᠢᠨ ᠲᠣᠨᠤᠭ ᠲᠥᠬᠦᠭᠡᠷᠦᠮᠵᠢ᠂ ᠭᠤᠸ᠎ᠠ ᠰᠡᠶᠢᠬᠠᠠ᠂ ᠲᠠᠪᠢᠯᠭ᠎ᠠ᠂ ᠦᠯᠦ ᠬᠥᠳᠡᠯᠬᠦ ᠬᠥᠷᠥᠩᠭᠡ᠂ ᠠᠶᠠᠯᠠᠯ ᠵᠢᠭᠤᠯᠴᠢᠯᠠᠯ ᠂ ᠠᠭᠤᠯᠠ ᠠᠭᠤᠷᠬᠠᠢ ᠶᠢᠨ ᠪᠦᠲᠦᠭᠡᠭᠳᠡᠬᠦᠨ᠂ ᠲᠡᠭᠡᠭᠡᠪᠤᠷᠢ ᠯᠤᠭᠢᠰᠲ᠋ᠢᠺ ᠵᠡᠷᠭᠡ ᠰᠠᠯᠪᠤᠷᠢ ᠶᠢᠨ ᠡᠺᠰᠫᠣᠷᠲᠯᠠᠭᠴᠢ ᠢᠮᠫᠣᠷᠲᠯᠠᠭᠴᠢ ᠠᠵᠤ ᠠᠬᠤᠢ ᠶᠢᠨ ᠨᠢᠭᠡᠴᠢ ᠨᠦᠭᠦᠳ ᠣᠷᠣᠯᠴᠠᠨ᠎ᠠ᠃