ᠮᠣᠩᠭᠣᠯ ᠤᠯᠤᠰ ᠤᠨ ᠶᠡᠷᠦᠩᠬᠡᠢ ᠰᠠᠶᠢᠳ ᠯ ∙ᠤᠶᠤᠡᠡᠷᠳᠡᠨᠢ ᠣᠷᠣᠰ ᠂ ᠬᠢᠲᠠᠳ ᠠᠴᠠ ᠮᠠᠨ ᠤ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠠᠽᠢᠽᠣᠪ᠂ ᠴᠠᠢ ᠸᠧᠨ ᠷᠦᠢ ᠢ ᠥᠨᠥᠳᠥᠷ ᠬᠦᠯᠢᠶᠡᠨ ᠠᠪᠴᠤ ᠠᠭᠤᠯᠵᠠᠯ᠎ᠠ᠃ ᠮᠣᠩᠭᠣᠯ᠂ ᠣᠷᠣᠰ ᠤᠨ ᠬᠢᠯᠢ ᠶᠢᠨ ᠤᠯᠢᠬᠠᠨ ᠪᠣᠭᠣᠮᠲᠠ ᠶᠢ ᠰᠢᠨᠡᠴᠢᠯᠡᠨ ᠦᠷᠭᠡᠳᠭᠡᠬᠦ᠂ ᠪᠣᠭᠣᠮᠲᠠ ᠤᠷᠤᠭᠤ ᠵᠠᠰᠠᠮᠠᠯ ᠵᠠᠮ ᠪᠠᠷᠢᠬᠤ᠂ ᠵᠣᠷᠴᠢᠬᠤ ᠬᠥᠳᠡᠯᠭᠡᠭᠡᠨ ᠢ ᠨᠡᠮᠡᠭᠳᠡᠭᠦᠯᠬᠦ ᠨᠥᠬᠥᠴᠡᠯ ᠢ ᠪᠦᠷᠢᠳᠦᠭᠦᠯᠬᠦ ᠳᠦ ᠰᠣᠨᠢᠷᠬᠠᠯ ᠲᠠᠢ ᠪᠠᠶᠢᠭ᠎ᠠ ᠪᠠᠨ ᠶᠡᠷᠦᠩᠬᠡᠢ ᠰᠠᠶᠢᠳ ᠢᠯᠡᠷᠬᠡᠶᠢᠯᠡᠯ᠎ᠡ᠃
ᠲᠡᠷᠡ ᠥᠩᠭᠡᠷᠡᠭᠴᠢ ᠲᠠᠪᠤᠳᠤᠭᠠᠷ ᠰᠠᠷ᠎ᠠ ᠳᠤ ᠡᠮᠦᠨᠡᠭᠣᠪᠢ ᠠᠶᠢᠮᠠᠭ ᠲᠤ ᠠᠵᠢᠯᠯᠠᠵᠤ᠂ ᠭᠠᠰᠢᠭᠤᠨᠰᠤᠬᠠᠢᠲᠤ ᠪᠣᠭᠣᠮᠲᠠ ᠶᠢᠨ ᠲᠡᠮᠦᠷ ᠵᠠᠮ ᠤᠨ ᠰᠢᠯᠵᠢᠭᠦᠯᠦᠨ ᠠᠴᠢᠬᠤ ᠲᠧᠷᠮᠢᠨᠠᠯ ᠤᠨ ᠪᠦᠲᠦᠭᠡᠨ ᠪᠠᠶᠢᠭᠤᠯᠤᠯᠲᠠ ᠶᠢᠨ ᠨᠡᠭᠡᠭᠡᠯᠲᠡ ᠳᠦ ᠤᠷᠤᠯᠴᠠᠵᠤ᠂ ᠲᠠᠪᠤᠨᠲᠣᠯᠣᠭᠠᠢ- ᠭᠠᠰᠢᠭᠤᠨᠰᠤᠬᠠᠢᠲᠤ ᠴᠢᠭᠯᠡᠯ ᠦᠨ ᠲᠡᠮᠦᠷ ᠵᠠᠮ ᠤᠨ ᠠᠵᠢᠯ ᠲᠡᠢ ᠲᠠᠨᠢᠯᠴᠠᠭᠰᠠᠨ᠃ ᠲᠡᠭᠦᠨ ᠢ ᠬᠢᠲᠠᠳ ᠲᠤ ᠠᠶᠢᠯᠴᠢᠯᠠᠭᠰᠠᠨ ᠤ ᠳᠠᠷᠠᠭ᠎ᠠ ᠭᠠᠰᠢᠭᠤᠨᠰᠤᠬᠠᠢᠲᠤ᠂ ᠭᠠᠭᠴᠠᠮᠤᠳᠤ ᠪᠣᠭᠣᠮᠲᠠ ᠶᠢᠨ ᠲᠡᠮᠦᠷ ᠵᠠᠮ ᠤᠨ ᠲᠤᠬᠠᠢ ᠶᠠᠷᠢᠶ᠎ᠠ ᠬᠡᠯᠡᠯᠴᠡᠭᠡ᠂ ᠪᠦᠲᠦᠭᠡᠨ ᠪᠠᠶᠢᠭᠤᠯᠤᠯᠲᠠ ᠶᠢᠨ ᠠᠵᠢᠯ ᠡᠷᠴᠢᠮᠵᠢᠵᠦ ᠪᠠᠢᠭ᠎ᠠ ᠳᠤ ᠲᠠᠯᠠᠷᠬᠠᠵᠤ ᠪᠠᠶᠢᠭ᠎ᠠ ᠪᠠᠨ ᠬᠢᠲᠠᠳ ᠤᠨ ᠡᠯᠴᠢᠨ ᠰᠠᠶᠢᠳ ᠲᠤ ᠢᠯᠡᠷᠬᠡᠶᠢᠯᠡᠪᠡ᠃