ᠵᠠᠰᠠᠮᠠᠯ ᠵᠠᠮ ᠤᠨ ᠳᠤᠭᠤᠢ ᠶᠢᠨ ᠨᠠᠰᠤᠨ ᠳᠤ ᠬᠦᠷᠦᠭᠰᠡᠳ ᠦᠨ ᠤᠯᠤᠰ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠮᠠᠷᠭᠠᠰᠢ ᠡᠬᠢᠯᠡᠨ᠎ᠡ᠃ ᠤᠯᠠᠭᠠᠨᠪᠠᠭᠠᠲᠤᠷ -︽ᠴᠢᠩᠭᠢᠰ ᠬᠠᠭᠠᠨ︾ ᠤᠯᠠᠨ ᠤᠯᠤᠰ ᠤᠨ ᠨᠢᠰᠬᠦ ᠪᠠᠭᠤᠳᠠᠯ᠂ ᠤᠯᠠᠭᠠᠨᠪᠠᠭᠠᠲᠤᠷ-ᠲᠥᠪ ᠠᠶᠢᠮᠠᠭ ᠤᠨ ᠠᠯᠲᠠᠨᠪᠤᠯᠠᠭ ᠰᠤᠮᠤ ᠴᠢᠭᠯᠡᠯ ᠦᠨ ᠵᠠᠮ ᠳᠡᠭᠡᠷ᠎ᠡ ᠭᠤᠷᠪᠠᠨ ᠡᠳᠦᠷ ᠦᠷᠭᠦᠯᠵᠢᠯᠡᠬᠦ ᠲᠤᠰ ᠲᠡᠮᠡᠴᠡᠭᠡᠨ ᠦ ᠵᠥᠪᠬᠡᠨ ᠲᠠᠮᠢᠷᠴᠢᠳ ᠲᠤ ᠣᠯᠭᠣᠬᠤ ᠮᠥᠩᠭᠥᠨ ᠱᠠᠩᠨᠠᠯ ᠤᠨ ᠬᠡᠮᠵᠢᠶ᠎ᠡ 7.5 ᠰᠠᠶ᠎ᠠ ᠲᠥᠭᠥᠷᠢᠭ ᠪᠥᠭᠡᠳ ᠮᠣᠩᠭᠣᠯ ᠤᠨ ᠪᠦᠬᠦ ᠯᠠ ᠰᠢᠯᠢᠳᠡᠭ ᠲᠠᠮᠢᠷᠴᠢᠨ ᠬᠤᠷᠳᠤ ᠬᠦᠴᠦ ᠪᠡᠨ ᠰᠣᠷᠢᠭᠰᠠᠨ ᠰᠠᠶᠢᠬᠠᠨ ᠲᠡᠮᠡᠴᠡᠭᠡᠨ ᠪᠣᠯᠬᠤ ᠨᠢ᠃ ᠮᠠᠨ ᠤ ᠳᠤᠭᠤᠶᠢᠴᠢᠳ ᠡᠨᠡ ᠣᠨ ᠳᠤ ᠵᠠᠰᠠᠮᠠᠯ ᠵᠠᠮ ᠤᠨ ᠳᠤᠭᠤᠢ ᠶᠢᠨ ᠠᠽᠢᠶ᠎ᠠ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠳᠦ ᠥᠨᠳᠥᠷ ᠠᠮᠵᠢᠯᠲᠠ ᠭᠠᠷᠭᠠᠭᠰᠠᠨ ᠪᠢᠯᠡ᠃