ᠠᠮᠧᠷᠢᠺᠠ ᠶᠢᠨ ᠣᠯᠠᠨ ᠤᠯᠤᠰ ᠤᠨ ᠬᠥᠭᠵᠢᠯ ᠦᠨ ᠠᠭᠧᠨᠲᠯᠢᠭ︵USAID︶ ᠦᠨ ᠪᠢᠽᠢᠨᠧᠰ ᠦᠨ ᠲᠣᠭᠲᠠᠪᠤᠷᠢᠲᠠᠢ ᠬᠥᠭᠵᠢᠯ ᠢ ᠰᠠᠶᠢᠵᠢᠷᠠᠭᠤᠯᠬᠤ᠂ ᠢᠯᠡ ᠲᠣᠳᠣ ᠪᠠᠶᠢᠳᠠᠯ ᠢ ᠨᠡᠮᠡᠭᠳᠡᠭᠦᠯᠬᠦ︵BEST︶ ᠬᠥᠲᠥᠯᠪᠦᠷᠢ ᠪᠡᠷ ᠳᠠᠮᠵᠢᠭᠤᠯᠤᠨ᠂ ᠮᠣᠩᠭᠣᠯ ᠤᠨ ᠬᠦᠨᠡᠰᠦᠨ ᠦ ᠨᠣᠭᠣᠭ᠎ᠠ ᠲᠠᠷᠢᠶᠠᠯᠠᠭᠴᠢ ᠨᠠᠷ ᠲᠤ ᠰᠠᠩᠬᠦᠦ ᠶᠢᠨ ᠳᠡᠮᠵᠢᠯᠭᠡ ᠦᠵᠡᠭᠦᠯᠦᠨ᠂ ᠮᠣᠩᠭᠣᠯ ᠤᠯᠤᠰ ᠤᠨ ᠨᠡᠶᠢᠲᠡ ᠤᠷᠭᠤᠴᠠ ᠶᠢᠨ ᠬᠡᠮᠵᠢᠶ᠎ᠡ ᠶᠢ ᠨᠡᠮᠡᠭᠳᠡᠭᠦᠯᠬᠦ᠂ ᠬᠦᠨᠡᠰᠦᠨ ᠦ ᠠᠶᠤᠯᠭᠦᠢ ᠪᠠᠶᠢᠳᠠᠯ ᠢ ᠰᠠᠶᠢᠵᠢᠷᠠᠭᠤᠯᠬᠤ᠂ ᠴᠢᠨᠠᠭᠰᠢᠯᠠᠭᠠᠳ ᠡᠳ᠋ ᠦᠨ ᠵᠠᠰᠠᠭ ᠤᠨ ᠪᠡᠶ᠎ᠡ ᠳᠠᠭᠠᠭᠠᠭᠰᠠᠨ ᠪᠠᠶᠢᠳᠠᠯ ᠢ ᠨᠡᠮᠡᠭᠳᠡᠭᠦᠯᠬᠦ ᠳᠦ ᠳᠡᠮᠵᠢᠯᠭᠡ ᠦᠵᠡᠭᠦᠯᠦᠨ ᠠᠵᠢᠯᠯᠠᠵᠤ ᠪᠠᠶᠢᠨ᠎ᠠ᠃
ᠳᠣᠯᠣᠳᠤᠭᠠᠷ ᠰᠠᠷ᠎ᠠ ᠶᠢᠨ 25 ᠳᠦ USAID ᠦᠨ ᠮᠣᠩᠭᠣᠯ ᠳ᠋ᠠᠬᠢ ᠵᠠᠬᠢᠷᠤᠯ ᠲᠣᠮᠠᠰ ᠺᠷᠧᠬᠠᠨ 《ᠵᠣᠵᠢᠯ ᠳᠠᠶᠠᠩ》ᠺᠣᠮᠫᠠᠨᠢ ᠶᠢᠨ ᠬᠦᠯᠡᠮᠵᠢ ᠶᠢᠨ ᠠᠵᠤ ᠠᠬᠤᠢ ᠲᠠᠢ ᠲᠠᠨᠢᠯᠴᠠᠵᠠᠢ᠃ ᠲᠤᠰ ᠺᠣᠮᠫᠠᠨᠢ ᠨᠢ BEST ᠬᠥᠲᠥᠯᠪᠦᠷᠢ ᠶᠢᠨ ᠲᠤᠰᠠᠯᠠᠮᠵᠢ ᠲᠠᠢ ᠪᠠᠷ ᠬᠥᠩᠭᠡᠯᠡᠯᠲᠡ ᠲᠡᠢ ᠵᠢᠭᠡᠯᠡ ᠳᠦ ᠬᠠᠮᠤᠷᠤᠭᠳᠠᠨ᠂ ᠳᠥᠷᠪᠡᠨ ᠰᠢᠨ᠎ᠡ ᠬᠦᠯᠡᠮᠵᠢ ᠪᠠᠶᠢᠭᠤᠯᠵᠤ᠂ ᠭᠤᠷᠪᠠᠨ ᠰᠢᠨ᠎ᠡ ᠠᠵᠢᠯ ᠤᠨ ᠪᠠᠶᠢᠷᠢ ᠪᠤᠢ ᠪᠣᠯᠭᠠᠵᠤ᠂ ᠵᠢᠯ ᠦᠨ ᠤᠷᠭᠤᠴᠠ ᠪᠠᠨ 56-80 ᠲᠣᠨ ᠪᠤᠶᠤ 30% ᠪᠠᠷ ᠨᠡᠮᠡᠭᠳᠡᠭᠦᠯᠵᠦ ᠴᠢᠳᠠᠵᠠᠢ᠃
USAID ᠨᠢ 2020 ᠣᠨ ᠠᠴᠠ ᠬᠣᠶᠢᠰᠢ ᠮᠣᠩᠭᠣᠯ ᠤᠨ 1500 ᠭᠠᠷᠤᠢ ᠵᠢᠵᠢᠭ ᠪᠢᠽᠢᠨᠧᠰ ᠲᠦ 30 ᠰᠠᠶ᠎ᠠ ᠭᠠᠷᠤᠢ ᠳ᠋ᠣᠯᠯᠠᠷ ᠤᠨ ᠵᠢᠭᠡᠯᠡ ᠠᠪᠬᠤ ᠳᠤ ᠲᠤᠰᠠᠯᠠᠭᠰᠠᠨ ᠢᠶᠠᠷ ᠦᠷ᠎ᠡ ᠳ᠋ᠦᠩ ᠳᠦ ᠨᠢ 1226 ᠠᠵᠢᠯ ᠤᠨ ᠪᠠᠶᠢᠷᠢ ᠪᠤᠢ ᠪᠣᠯᠵᠤ᠂ ᠪᠣᠷᠣᠯᠠᠭᠤᠯᠤᠯᠲᠠ ᠶᠢᠨ ᠣᠷᠣᠯᠭ᠎ᠠ 3.4 ᠰᠠᠶ᠎ᠠ ᠳ᠋ᠣᠯᠯᠠᠷ ᠢᠶᠠᠷ ᠥᠰᠦᠭᠰᠡᠨ ᠪᠠᠶᠢᠨ᠎ᠠ᠃