ᠮᠣᠩᠭᠣᠯ ᠤᠯᠤᠰ ᠠᠴᠠ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠤ ᠲᠦᠷ ᠬᠠᠮᠢᠶᠠᠷᠤᠭᠴᠢ᠂ ᠡᠯᠴᠢᠨ ᠵᠦᠪᠯᠡᠬᠦ ᠯ ∙ ᠮᠦᠩᠬᠡᠲᠦ᠋ᠰᠢᠭ ᠬᠢᠲᠠᠳ ᠤᠨ ᠨᠢᠩᠰᠢᠶᠠ ᠬᠤᠲᠤᠩ ᠦᠨᠳᠦᠰᠦᠲᠡᠨ ᠦ ᠥᠪᠡᠷᠲᠡᠭᠡᠨ ᠵᠠᠰᠠᠬᠤ ᠣᠷᠣᠨ᠂ ᠮᠣᠩᠭᠣᠯ ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠬᠣᠭᠣᠷᠣᠨᠳᠣ ᠮᠣᠩᠭᠣᠯ᠂ ᠬᠢᠲᠠᠳ ᠤᠨ ᠬᠢᠯᠢ ᠳᠠᠮᠨᠠᠭᠰᠠᠨ ᠲᠦᠭᠦᠬᠡᠢ ᠡᠳ᠋ ᠦᠨ ᠬᠤᠳᠠᠯᠳᠤᠭᠠᠨ ᠤ ᠫᠯᠠᠲ᠋ᠹᠣᠷᠮ ᠪᠠᠶᠢᠭᠤᠯᠬᠤ ᠲᠥᠰᠥᠯ ᠦᠨ ᠨᠡᠭᠡᠭᠡᠯᠲᠡ ᠶᠢᠨ ᠠᠷᠭ᠎ᠠ ᠬᠡᠮᠵᠢᠶᠡᠨ ᠳᠦ ᠴᠠᠬᠢᠮ ᠢᠶᠠᠷ ᠣᠷᠣᠯᠴᠠᠵᠤ᠂ ᠦᠭᠡ ᠬᠡᠯᠡᠪᠡ᠃
ᠤᠭ ᠠᠷᠭ᠎ᠠ ᠬᠡᠮᠵᠢᠶᠡᠨ ᠦ ᠦᠶ᠎ᠡ ᠪᠡᠷ ᠳᠥᠷᠪᠡᠨ ᠲᠥᠰᠥᠯ ᠳᠦ ᠭᠠᠷ ᠤᠨ ᠦᠰᠦᠭ ᠵᠢᠷᠤᠵᠠᠢ᠃ ᠡᠭᠦᠨ ᠳᠦ᠄ ᠥᠯᠵᠡᠢ ᠪᠣᠭᠣᠮᠲᠠ ᠶᠢᠨ《ᠨᠡᠭᠦᠷᠡᠰᠦᠨ ᠦ ᠬᠢᠯᠢ ᠳᠠᠮᠨᠠᠭᠰᠠᠨ ᠲᠡᠭᠡᠭᠡᠪᠦᠷᠢᠯᠡᠯᠲᠡ᠂ ᠬᠠᠳᠠᠭᠠᠯᠠᠯᠲᠠ ᠶᠢᠨ ᠰᠲᠷᠠᠲ᠋ᠧᠭᠢ ᠶᠢᠨ ᠬᠠᠮᠲᠤ ᠶᠢᠨ ᠠᠵᠢᠯᠯᠠᠭᠠᠨ ᠤ ᠬᠡᠯᠡᠯᠴᠡᠭᠡᠷ》᠂ 《ᠲᠠᠪᠤᠨᠲᠣᠯᠣᠭᠠᠢ-ᠥᠯᠵᠡᠢ ᠪᠣᠭᠣᠮᠲᠠ ᠴᠢᠭᠯᠡᠯ ᠦᠨ 270 ᠺᠢᠯᠣᠮᠧᠲ᠋ᠷ ᠬᠦᠨᠳᠦ ᠳᠠᠭᠠᠭᠠᠴᠠ ᠶᠢᠨ ᠠᠦ᠋ᠲ᠋ᠣ᠋ ᠵᠠᠮ ᠪᠠᠷᠢᠬᠤ ᠬᠠᠮᠲᠤ ᠶᠢᠨ ᠠᠵᠢᠯᠯᠠᠭᠠᠨ ᠤ ᠲᠥᠰᠥᠯ》᠂ ᠨᠢᠩᠰᠢᠶᠠ ᠶᠢᠨ ᠺᠤᠮᠫᠠᠨᠢ ᠶᠢᠨ《1.5 ᠰᠠᠶ᠎ᠠ ᠲᠣᠨ ᠨᠡᠭᠦᠷᠡᠰᠦ ᠬᠤᠳᠠᠯᠳᠤᠬᠤ᠂ ᠬᠤᠳᠠᠯᠳᠤᠨ ᠠᠪᠬᠤ ᠭᠡᠷ᠎ᠡ》᠂ ᠨᠢᠩᠰᠢᠶᠠ ᠲᠠᠢ ᠬᠠᠮᠲᠤᠷᠠᠨ ᠬᠡᠷᠡᠭᠵᠢᠭᠦᠯᠬᠦ《 ᠨᠢᠭᠡ ᠲᠡᠷᠪᠤᠮ ᠮᠣᠳᠣ ᠬᠥᠲᠥᠯᠪᠦᠷᠢ ᠶᠢᠨ ᠬᠦᠷᠢᠶᠡᠨ ᠳᠦ ᠡᠮᠦᠨᠡᠭᠣᠪᠢ ᠠᠶᠢᠮᠠᠭ ᠤᠨ ᠠᠭᠤᠯᠠ ᠠᠭᠤᠷᠬᠠᠢ ᠶᠢᠨ ᠪᠥᠰᠡ ᠶᠢ ᠨᠣᠭᠣᠭᠠᠨ ᠪᠣᠯᠭᠠᠬᠤ ᠬᠠᠮᠲᠤ ᠶᠢᠨ ᠠᠵᠢᠯᠯᠠᠭᠠᠨ ᠤ ᠲᠥᠰᠥᠯ》 ᠪᠠᠭᠲᠠᠵᠠᠢ᠃