ᠰᠦᠬᠡᠪᠠᠭᠠᠲᠤᠷ ᠠᠶᠢᠮᠠᠭ ᠤᠨ 80 ᠵᠢᠯ ᠦᠨ ᠣᠢ ᠳᠤ ᠵᠣᠷᠢᠭᠤᠯᠤᠨ ᠴᠡᠷᠢᠭ ᠦᠨ ᠨᠡᠷᠡᠲᠦ ᠵᠠᠩᠵᠤᠨ ᠳ ∙ᠰᠦᠬᠡᠪᠠᠭᠠᠲᠤᠷ ᠲᠠᠢ ᠬᠣᠯᠪᠣᠭ᠎ᠠ ᠲᠠᠢ ᠡᠳ᠋ ᠬᠡᠷᠡᠭᠯᠡᠯ᠂ ᠤᠷᠠᠨ ᠵᠢᠷᠤᠭ᠂ ᠬᠥᠰᠢᠶ᠎ᠡ ᠪᠠᠷᠢᠮᠠᠯ ᠵᠡᠷᠭᠡ ᠶᠢ ᠨᠢᠭᠡᠳᠬᠡᠨ ᠳᠢᠭᠯᠡᠭᠰᠡᠨ 《ᠲᠡᠦᠬᠡ ᠮᠠᠷᠲᠠᠬᠤ ᠦᠭᠡᠢ》 ᠦᠵᠡᠰᠬᠦᠯᠡᠩ ᠠᠶᠢᠮᠠᠭ ᠤᠨ ᠤᠭᠰᠠᠭᠠᠲᠠᠨ ᠤ ᠵᠦᠢ ᠶᠢᠨ ᠮᠦᠽᠧᠢ ᠳᠦ ᠪᠣᠯᠵᠤ ᠪᠠᠶᠢᠨ᠎ᠠ᠃
ᠤᠭ ᠦᠵᠡᠰᠬᠦᠯᠡᠩ ᠢ ᠠᠶᠢᠮᠠᠭ ᠤᠨ ᠤᠭᠰᠠᠭᠠᠲᠠᠨ ᠤ ᠵᠦᠢ ᠶᠢᠨ ᠮᠦᠽᠧᠢ᠂ ᠰᠦᠬᠡᠪᠠᠭᠠᠲᠤᠷ ᠰᠤᠮᠤ ᠶᠢᠨ ᠣᠷᠣᠨ ᠨᠤᠲᠤᠭ ᠰᠤᠳᠤᠯᠬᠤ ᠲᠠᠩᠬᠢᠮ ᠲᠠᠢ ᠬᠠᠮᠲᠤᠷᠠᠨ ᠳᠢᠭᠯᠡᠵᠡᠢ᠃ ᠮᠥᠨ ᠦᠵᠡᠰᠬᠦᠯᠡᠩ ᠳᠦ ᠵᠣᠷᠢᠭᠤᠯᠵᠤ ᠲᠦᠪᠰᠢᠨᠰᠢᠷᠡᠭᠡ ᠰᠤᠮᠤ ᠶᠢᠨ ᠤᠤᠭᠠᠯ ᠴᠤᠭᠯᠠᠭᠤᠯᠤᠭᠴᠢ ᠼ ∙ ᠪᠠᠲᠤᠰᠠᠶᠢᠬᠠᠨ ᠳ ∙ ᠰᠦᠬᠡᠪᠠᠭᠠᠲᠤᠷ ᠤᠨ ᠰᠡᠳᠦᠪᠲᠦ 142 ᠰᠢᠷᠬᠡᠭ ᠲᠡᠮᠳᠡᠭ᠂ ᠮᠧᠳᠠᠯᠢᠶᠣᠨ ᠢ ᠤᠭᠰᠠᠭᠠᠲᠠᠨ ᠤ ᠵᠦᠢ ᠶᠢᠨ ᠮᠦᠽᠧᠢ ᠳᠦ ᠪᠡᠯᠡᠭᠯᠡᠭᠰᠡᠨ ᠪᠠᠶᠢᠨ᠎ᠠ᠃