ᠪᠠᠶᠠᠨ ᠥᠯᠥᠭᠡᠶ ᠠᠶᠢᠮᠠᠭ ᠤᠨ ᠮᠡᠳᠡᠭᠡᠯᠡᠯ᠂ ᠬᠠᠷᠢᠯᠴᠠᠭ᠎ᠠ ᠬᠤᠯᠪᠤᠭᠠᠨ ᠤ ᠰᠠᠯᠪᠤᠷᠢ ᠶᠢᠨ ᠣᠷᠣᠯᠭ᠎ᠠ ᠦᠡᠭᠭᠡᠷᠡᠭᠰᠡᠠ ᠣᠨ ᠤ ᠵᠢᠯ ᠤᠨ ᠡᠴᠦᠰ ᠤᠨ ᠪᠠᠶᠢᠳᠠᠯ ᠢᠶᠠᠷ 17.5 ᠲᠡᠷᠪᠤᠮ ᠲᠥᠭᠦᠷᠢᠭ ᠲᠤ ᠬᠦᠷᠪᠡ᠃ ᠡᠨᠡ ᠨᠢ ᠡᠮᠦᠨᠡᠬᠢ ᠣᠨ ᠤ ᠬᠢ ᠲᠠᠢ ᠬᠠᠷᠢᠴᠠᠭᠤᠯᠬᠤ ᠳᠤ 1.4 ᠲᠡᠷᠪᠤᠮ ᠲᠥᠭᠦᠷᠢᠭ ᠢᠶᠠᠷ ᠥᠰᠦᠭᠰᠡᠨ ᠦᠵᠡᠭᠦᠯᠦᠯᠲᠡ ᠶᠤᠮ᠃ ᠡᠭᠦᠨ ᠤ 802.7 ᠰᠠᠶ᠎ᠠ ᠨᠢ ᠦᠷᠭᠡᠠ ᠨᠡᠪᠲᠡᠷᠡᠭᠦᠯᠬᠦ ᠪᠡᠯᠡᠳᠬᠡᠬᠦ᠂ ᠳᠠᠮᠵᠢᠭᠤᠯᠬᠤ᠂ 16.7 ᠲᠡᠷᠪᠤᠮ ᠨᠢ ᠴᠠᠬᠢᠯᠭᠠᠨ ᠬᠤᠯᠪᠤᠭᠠᠨ ᠤ ᠦᠶᠯᠡ ᠠᠵᠢᠯᠯᠠᠭᠠᠨ ᠤ ᠣᠷᠣᠯᠭ᠎ᠠ ᠪᠠᠶᠢᠨ᠎ᠡ᠃
ᠴᠠᠬᠢᠯᠭᠠᠨ ᠬᠤᠯᠪᠤᠭᠠᠨ ᠤ ᠣᠷᠣᠯᠭ᠎ᠠ ᠶᠢᠨ 800 ᠰᠠᠶ᠎ᠠ ᠶᠢ ᠨᠢ ᠤᠲᠠᠰᠤᠨ ᠬᠤᠯᠪᠣᠭ᠎ᠠ ᠪᠦᠷᠢᠳᠦᠭᠦᠯᠵᠡᠢ᠃ ᠮᠦᠠ 15.7 ᠲᠡᠷᠪᠤᠮ ᠲᠥᠭᠦᠷᠢᠭ ᠢ ᠤᠲᠠᠰᠤ ᠦᠭᠡᠶ ᠬᠤᠯᠪᠤᠭᠠᠨ ᠤ ᠦᠢᠯᠡᠴᠢᠯᠡᠭᠡᠨ ᠠᠴᠠ ᠣᠷᠣᠭᠤᠯᠤᠭᠰᠠᠨ ᠪᠠᠶᠢᠨ᠎ᠡ᠃ ᠡᠨᠡ ᠨᠢ ᠲᠤᠰ ᠠᠶᠢᠮᠠᠭ ᠤᠨ ᠠᠷᠠᠳ ᠢᠷᠭᠡᠳ ᠰᠠᠷ᠎ᠠ ᠳᠤ 1.3 ᠲᠡᠷᠪᠤᠮ ᠲᠥᠭᠦᠷᠢᠭ ᠢ ᠡᠭᠦᠷᠦᠨ ᠬᠤᠯᠪᠤᠭᠠᠨ ᠤ ᠦᠢᠯᠡᠴᠢᠯᠡᠭᠡᠨ ᠳᠤ ᠵᠠᠷᠤᠴᠠᠭᠤᠯᠵᠤ ᠪᠠᠶᠢᠨ᠎ᠡ ᠭᠡᠰᠡᠨ ᠦᠭᠡ ᠶᠤᠮ᠃ ᠦᠨᠳᠦᠰᠦᠨ ᠤ ᠬᠥᠭᠵᠢᠯ ᠤᠨ ᠭᠠᠵᠠᠷ ᠠᠴᠠ ᠭᠠᠷᠭᠠᠭᠰᠠᠨ ᠰᠤᠳᠤᠯᠭᠠᠨ ᠢᠶᠠᠷ ᠪᠠᠶᠠᠨ ᠥᠯᠥᠭᠡᠶ ᠠᠶᠢᠮᠠᠭ ᠨᠢ 83.2 ᠮᠢᠩᠭᠠᠨ ᠡᠭᠦᠷᠦᠨ ᠬᠤᠯᠪᠤᠭᠠᠨ ᠤ ᠬᠡᠷᠡᠭᠯᠡᠭᠴᠢ ᠲᠠᠢ᠃ ᠡᠨᠡ ᠦᠵᠡᠭᠦᠯᠦᠯᠲᠡ ᠪᠠᠷ 100 ᠬᠥᠮᠦᠨ ᠲᠤᠲᠤᠮ ᠳᠤ 81 ᠭᠠᠷ ᠤᠲᠠᠰᠤ ᠨᠣᠭᠳᠠᠵᠤ ᠪᠠᠶᠢᠨ᠎ᠡ᠃