ᠮᠣᠩᠭᠤᠯ᠂ ᠶᠠᠫᠣᠨ ᠤ ᠳ᠋ᠢᠫᠯᠤᠮᠠᠲ ᠬᠠᠷᠢᠯᠴᠠᠭ᠎ᠠ ᠲᠣᠭᠲᠠᠭᠠᠭᠰᠠᠨ ᠤ ᠲᠡᠦᠬᠡᠲᠦ 50 ᠵᠢᠯ ᠤᠨ ᠣᠢ ᠶᠢᠨ ᠬᠦᠷᠢᠶᠡᠨ ᠳᠤ ᠶᠠᠫᠤᠨ ᠤᠯᠤᠰ ᠠᠴᠠ ᠫᠠᠷᠯᠠᠮᠧᠨ᠋ᠲ ᠤᠨ 9 ᠭᠡᠰᠢᠭᠦᠨ᠂ ᠰᠤᠶᠦᠯ ᠤᠷᠠᠯᠢᠭ᠂ ᠲᠥᠷᠦ ᠬᠤᠪᠢ ᠶᠢᠨ ᠬᠡᠪᠰᠢᠯ ᠤᠨ ᠨᠡᠶᠢᠲᠡ 86 ᠬᠥᠮᠥᠨ ᠤ ᠪᠦᠷᠢᠯᠳᠦᠬᠦᠨ ᠲᠠᠢ ᠪᠠᠷ ᠮᠣᠩᠭᠤᠯ ᠤᠯᠤᠰ ᠲᠤ ᠠᠶᠢᠯᠴᠢᠯᠠᠵᠤ ᠪᠤᠶ᠃
ᠲᠡᠳᠡ ᠨᠠᠢᠮᠠᠳᠤᠭᠠᠷ ᠰᠠᠷ᠎ᠠ ᠶᠢᠨ 21 ᠳᠦ︽ᠰᠢᠨ᠎ᠡ ᠮᠣᠩᠭᠤᠯ ᠬᠠᠷᠤᠮᠠᠹᠦ᠋ᠵᠢ︾ᠰᠤᠷᠭᠠᠭᠤᠯᠢ ᠪᠠᠷ ᠵᠣᠴᠢᠯᠠᠭᠰᠠᠨ ᠪᠠᠶᠢᠨ᠎ᠡ᠃ ᠵᠣᠴᠢᠳ ᠢ ᠰᠤᠷᠭᠠᠭᠤᠯᠢ ᠶᠢᠨ ᠤᠳᠦᠷᠢᠳᠦᠯᠭ᠎ᠠ᠂ ᠰᠤᠷᠤᠭᠴᠢᠳ ᠤᠭᠲᠤᠨ ᠠᠪᠴᠤ᠂ ᠰᠤᠷᠭᠠᠭᠤᠯᠢ ᠪᠠᠨ ᠲᠠᠨᠢᠯᠴᠠᠭᠤᠯᠵᠤ᠂ ᠤᠷᠠᠯᠢᠭ ᠤᠨ ᠪᠢᠴᠢᠬᠠᠨ ᠲᠣᠭᠯᠠᠯᠲᠠ ᠰᠤᠨᠢᠷᠬᠠᠭᠤᠯᠵᠠᠢ᠃ ᠳᠠᠷᠠᠭ᠎ᠠ ᠨᠢ ᠬᠠᠮᠲᠤ ᠪᠠᠷ ᠳᠤᠷᠠᠰᠬᠠᠯ ᠤᠨ ᠰᠠᠺᠦ᠋ᠷᠠ ᠲᠠᠷᠢᠪᠠ᠃