ᠡᠷᠡᠭᠦᠯ ᠮᠡᠨᠳᠦ ᠶᠢᠨ ᠤᠷᠢᠳᠴᠢᠯᠠᠨ ᠰᠡᠷᠭᠡᠶᠢᠯᠡᠬᠦ᠂ ᠡᠷᠲᠡᠢᠯᠡᠷᠡᠭᠦᠯᠦᠯᠲᠡ ᠶᠢᠨ ᠦᠵᠡᠯᠭᠡ ᠰᠢᠨᠵᠢᠯᠡᠭᠡᠨ ᠤ ᠶᠠᠪᠤᠴᠠ ᠶᠢᠨ ᠲᠠᠯ᠎ᠠ ᠪᠠᠷ ᠡᠷᠡᠭᠦᠯ ᠮᠡᠨᠳᠦ ᠶᠢᠨ ᠰᠠᠶᠢᠳ ᠰ᠊ ·ᠡᠩᠬᠡᠪᠣᠯᠣᠳ ᠮᠡᠳᠡᠭᠡᠯᠡᠯ ᠥᠭᠭᠦᠯ᠎ᠡ᠃ ᠲᠡᠷᠡ ᠪᠠᠷ᠄ ᠲᠠᠪᠤᠳᠤᠭᠠᠷ ᠰᠠᠷ᠎ᠠ ᠶᠢᠨ ᠨᠢᠭᠡᠨ ᠡᠴᠡ ᠡᠬᠢᠯᠡᠭᠰᠡᠨ ᠡᠷᠲᠡ ᠢᠯᠡᠷᠡᠭᠦᠯᠦᠯᠲᠡ᠂ ᠤᠷᠢᠳᠴᠢᠯᠠᠭᠰᠠᠨ ᠰᠡᠷᠭᠡᠶᠢᠯᠡᠬᠦ ᠦᠵᠡᠯᠭᠡ ᠳᠤ ᠥᠨᠥᠳᠥᠷ ᠤᠨ ᠪᠠᠶᠢᠳᠠᠯ ᠢᠶᠠᠷ 272434 ᠢᠷᠭᠡᠠ ᠬᠠᠮᠤᠷᠤᠭᠳᠠᠭᠰᠠᠨ ᠪᠠᠶᠢᠨ᠎ᠡ᠃ ᠡᠭᠦᠨ ᠤ 55.3 ᠬᠤᠪᠢ ᠨᠢ ᠡᠮᠡᠭᠲᠡᠶᠢᠴᠦᠳ ᠪᠣᠯ 44.6 ᠬᠤᠪᠢ ᠡᠷᠡᠭᠲᠡᠶᠢᠴᠦᠳ ᠪᠠᠶᠢᠭ᠎ᠠ ᠶᠤᠮ᠃ ᠮᠦᠠ ᠳᠡᠭᠡᠷᠡᠬᠢ ᠢᠷᠭᠡᠳ ᠤᠨ 170000 ᠣᠷᠴᠢᠮ ᠨᠢ ᠬᠡᠦᠬᠡᠳ ᠪᠠᠶᠢᠨ᠎ᠡ᠃
ᠦᠡᠭᠭᠡᠷᠡᠭᠰᠡᠠ ᠬᠤᠭᠤᠴᠠᠭᠠᠨ ᠳᠤ ᠳᠠᠪᠬᠤᠷᠳᠠᠭᠰᠠᠨ ᠲᠤᠭ᠎ᠠ ᠪᠠᠷ 136141 ᠬᠦᠮᠦᠨ ᠳ᠋ᠤ ᠡᠪᠡᠳᠴᠢᠯᠡᠯ ᠪᠦᠷᠢᠳᠬᠡᠭᠳᠡᠭᠰᠡᠨ᠃ ᠡᠨᠡ ᠨᠢ ᠨᠡᠶᠢᠲᠡ ᠬᠠᠮᠤᠷᠤᠭᠳᠠᠭᠰᠠᠨ ᠲᠣᠬᠢᠶᠠᠯᠳᠤᠯ ᠤᠨ 57.2 ᠬᠤᠪᠢ ᠨᠢ ᠭᠡᠰᠡᠨ ᠦᠭᠡ᠃ ᠲᠤᠬᠠᠢ ᠶᠢᠨ ᠢᠷᠭᠡᠳ ᠤᠨ ᠳᠡᠶᠢᠯᠦᠩᠬᠢ ᠨᠢ ᠪᠤᠶᠤ 66.4 ᠬᠤᠪᠢ ᠨᠢ ᠬᠤᠭᠤᠯᠠ ᠪᠣᠯᠪᠠᠰᠤᠷᠠᠭᠤᠯᠬᠤ ᠲᠣᠭᠲᠠᠯᠴᠠᠭᠠᠨ ᠤ ᠡᠮᠭᠡᠭ ᠲᠠᠢ ᠪᠠᠶᠢᠨ᠎ᠡ᠃ ᠳᠠᠷᠠᠭ᠎ᠠ ᠨᠢ ᠳᠣᠲᠤᠭᠠᠳᠤ ᠰᠢᠭᠦᠷᠡᠯ᠂ ᠪᠡᠯᠭᠡ ᠶᠢᠨ ᠵᠠᠮ ᠤᠨ ᠡᠪᠡᠳᠴᠢᠯᠡᠯ ᠤᠳᠠᠭᠠᠯᠠᠵᠤ ᠪᠠᠶᠢᠨ᠎ᠡ ᠭᠡᠯᠡ᠃