ᠪᠦᠬᠦᠳᠠ ᠨᠠᠶᠢᠷᠠᠮᠳᠠᠬᠤ ᠰᠣᠯᠤᠩᠭᠤᠰ ᠤᠯᠤᠰ ᠠᠴᠠ ᠮᠣᠩᠭᠤᠯ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠨᠡᠶᠢᠰᠯᠡᠯ ᠤᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ᠂ ᠨᠡᠶᠢᠰᠯᠡᠯ ᠤᠨ ᠠᠶᠠᠯᠠᠯ ᠵᠢᠭᠤᠯᠴᠢᠯᠠᠯ ᠤᠨ ᠭᠠᠵᠠᠷ ᠲᠠᠢ ᠬᠠᠮᠲᠤᠷᠠᠨ 2022 ᠣᠨ ᠤ 9 ᠳ᠋ᠦ᠋ᠭᠡᠷ ᠰᠠᠷ᠎ᠠ ᠶᠢᠨ 2-4 ᠳᠤ ᠰᠦᠬᠡᠪᠠᠭᠠᠲᠤᠷ ᠤᠨ ᠲᠠᠯᠠᠪᠠᠢ ᠳᠤ︽ᠰᠣᠯᠤᠩᠭᠤᠰ ᠤᠨ ᠰᠣᠶᠤᠯ ᠤᠨ ᠡᠳᠦᠷ ᠤᠳ – 2022︾ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠬᠤ ᠭᠡᠵᠦ ᠪᠠᠶᠢᠨ᠎ᠡ᠃
ᠠᠯᠪᠠᠨ ᠶᠣᠰᠣᠨ ᠤ ᠨᠡᠭᠡᠭᠡᠯᠳᠡ 9 ᠳ᠋ᠦ᠋ᠭᠡᠷ ᠰᠠᠷ᠎ᠠ ᠶᠢᠨ 2 ᠤ 16:00 ᠴᠠᠭ ᠲᠤ ᠪᠣᠯᠤᠨ᠎ᠠ᠃ ᠬᠠᠷᠢᠨ 9 ᠳ᠋ᠦ᠋ᠭᠡᠷ ᠰᠠᠷ᠎ᠠ ᠶᠢᠨ 3 ᠳᠤ ᠲᠤᠰ ᠠᠷᠭ᠎ᠠ ᠬᠡᠮᠵᠢᠶ᠎ᠡ ᠶᠢ ᠵᠣᠷᠢᠨ ᠢᠷᠡᠭᠰᠡᠨ ᠬᠦᠮᠦᠨ ᠪᠦᠷᠢ ᠤᠷᠦᠯᠴᠡᠬᠤ ᠪᠣᠯᠣᠮᠵᠢ ᠲᠠᠢ︽OPEN MIC︾ᠪᠤᠯᠦᠠ ︽OX︾ ᠠᠰᠠᠭᠤᠯᠲᠠ᠂ ᠬᠠᠷᠢᠭᠤᠯᠲᠠ ᠶᠢᠨ ᠲᠡᠮᠡᠴᠡᠭᠡᠨ ᠶᠠᠪᠤᠭᠳᠠᠨ᠎ᠠ᠃ 4 ᠳᠤ ᠪᠦᠬᠦᠳᠠ ᠨᠠᠶᠢᠷᠠᠮᠳᠠᠬᠤ ᠰᠣᠯᠤᠩᠭᠤᠰ ᠤᠯᠤᠰ ᠤᠨ ᠡᠯᠴᠢᠨ ᠰᠠᠢᠳ ᠤᠨ ᠶᠠᠮᠤᠨ ᠤ ᠠᠬᠠᠯᠠᠬᠤ ᠲᠣᠭᠤᠭᠠᠴᠢ ᠥᠪᠡᠷ ᠤᠨ ᠭᠠᠷ ᠢᠶᠠᠷ ᠰᠤᠯᠦᠩᠭᠤᠰ ᠦᠨᠳᠦᠰᠦᠨ ᠤ ᠬᠤᠭᠤᠯᠠ ᠬᠢᠵᠦ ᠲᠡᠨᠢᠯᠴᠡᠭᠤᠯᠬᠤ K -Food ᠠᠷᠭ᠎ᠠ ᠭᠡᠮᠵᠢᠶ᠎ᠠ ᠶᠢ ᠵᠣᠬᠢᠶᠠᠨ ᠪᠠᠶᠢᠭᠤᠯᠬᠤ ᠪᠠᠷ ᠲᠥᠯᠥᠪᠯᠡᠵᠦ ᠪᠠᠶᠢᠨ᠎ᠡ᠃