ᠱᠠᠩᠬᠠᠢ ᠶᠢᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠶᠢᠨ ᠭᠡᠰᠢᠭᠦᠨ ᠣᠷᠣᠨ ᠨᠤᠭᠤᠳ ᠤᠨ ᠲᠥᠷᠥ ᠶᠢᠨ ᠲᠡᠷᠢᠭᠦᠨ ᠨᠦᠭᠦᠳ ᠦᠨ 22 ᠳᠠᠬᠢ ᠤᠳᠠᠭ᠎ᠠ ᠶᠢᠨ ᠳᠡᠭᠡᠳᠦ ᠬᠡᠮᠵᠢᠶᠡᠨ ᠦ ᠠᠭᠤᠯᠵᠠᠯᠲᠠ ᠦᠽᠪᠧᠺᠰᠲ᠋ᠠᠨ ᠤᠯᠤᠰ ᠲᠤ ᠡᠨᠡ ᠰᠠᠷ᠎ᠠ ᠶᠢᠨ 15-16 ᠳᠤ ᠪᠣᠯᠤᠨ᠎ᠠ᠃ ᠳᠡᠭᠡᠳᠦ ᠬᠡᠮᠵᠢᠶᠡᠨ ᠦ ᠠᠭᠤᠯᠵᠠᠯᠲᠠ ᠳᠤ ᠶᠡᠷᠦᠩᠬᠡᠶᠢᠯᠡᠭᠴᠢ ᠤ᠊ ∙ ᠬᠦᠷᠡᠯᠰᠦ᠋ᠬᠡ ᠪᠡᠶᠡᠴᠢᠯᠡᠨ ᠤᠷᠤᠯᠴᠠᠬᠤ ᠭᠡᠨ᠎ᠡ᠃
ᠡᠨᠡ ᠲᠠᠯ᠎ᠠ ᠪᠠᠷ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠶᠠ᠊∙ᠰᠤᠳᠤᠪᠠᠭᠠᠲᠤᠷ ᠠᠴᠠ ᠲᠣᠳᠣᠷᠠᠭᠤᠯᠬᠤ ᠳᠤ᠄ ᠶᠡᠷᠦᠩᠬᠡᠶᠢᠯᠡᠭᠴᠢ ᠱᠠᠩᠬᠠᠢ ᠶᠢᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠶᠢᠨ ᠬᠤᠷᠠᠯ ᠳᠤ ᠣᠷᠣᠯᠴᠠᠨ᠎ᠠ᠃ ᠡᠨᠡ ᠦᠶ᠎ᠡ ᠪᠡᠷ ᠬᠢᠲᠠᠳ ᠪᠣᠯᠤᠨ ᠣᠷᠣᠰ ᠤᠨ ᠤᠳᠤᠷᠢᠳᠤᠯᠭ᠎ᠠ ᠲᠠᠢ ᠭᠤᠷᠪᠠᠨ ᠲᠠᠯᠠᠲᠤ ᠠᠭᠤᠯᠵᠠᠯᠲᠠ ᠬᠢᠬᠦ ᠪᠡᠷ ᠲᠥᠯᠥᠪᠯᠡᠵᠦ ᠪᠠᠶᠢᠨ᠎ᠠ᠃ ᠨᠡᠭᠦᠷᠡᠰᠦᠨ ᠦ ᠡᠺᠰᠫᠣᠷᠲ ᠤᠨ ᠠᠰᠠᠭᠤᠳᠠᠯ ᠢ ᠬᠥᠨᠳᠡᠨ᠎ᠡ ᠭᠡᠰᠡᠨ ᠶᠤᠮ᠃