ᠴᠠᠬᠢᠮ ᠬᠥᠭᠵᠢᠯ ᠬᠠᠷᠢᠯᠴᠠᠭ᠎ᠠ ᠬᠤᠯᠪᠤᠭᠠᠨ ᠤ ᠶᠠᠮᠤᠨ ᠤ ᠰᠠᠶᠢᠳ ᠨ᠊ ·ᠤᠴᠠᠷᠠᠯ᠄ ᠪᠤᠶᠠᠨᠲᠤ ᠬᠤᠸᠠ ᠪᠣᠯ ᠮᠣᠩᠭᠤᠯ ᠤᠯᠤᠰ ᠤᠨ ᠲᠧᠭᠨᠢᠭ ᠤᠨ ᠰᠣᠶᠤᠯ ᠤᠨ ᠲᠦᠭᠦᠴᠡᠭᠡ ᠪᠣᠯᠣᠭᠰᠠᠨ ᠣᠯᠠᠨ ᠵᠠᠭᠤᠨ ᠢᠨᠵᠧᠨᠧᠷ ᠤᠳ ᠤᠨ ᠪᠦᠲᠦᠭᠡᠨ ᠪᠣᠰᠬᠠᠭᠰᠠᠨ ᠲᠣᠮᠤ ᠪᠦᠲᠦᠭᠡᠨ ᠪᠠᠶᠢᠭᠤᠯᠤᠯᠲᠠ᠃ 1925 ᠣᠨ ᠳᠤ ᠢᠷᠭᠡᠨ ᠤ ᠨᠢᠰᠬᠦ ᠶᠢᠨ ᠰᠠᠯᠪᠤᠷᠢ ᠶᠢᠨ ᠢᠨᠵᠧᠨᠧᠷ ᠤᠳ ᠪᠠᠭ᠎ᠠ ᠣᠪᠣᠷ ᠤᠨ ᠠᠭᠠᠷ ᠤᠨ ᠲᠡᠭᠡᠭᠡᠪᠦᠷᠢ ᠶᠢ ᠥᠪᠡᠷᠰᠡᠳ ᠢᠶᠠᠨ ᠵᠣᠬᠢᠶᠠᠨ ᠪᠦᠲᠦᠭᠡᠵᠦ ᠪᠠᠶᠢᠭᠰᠠᠨ᠃
ᠵᠠᠰᠠᠭ ᠤᠨ ᠭᠠᠵᠠᠷ ᠠᠴᠠ ᠲᠥᠷᠦ ᠶᠢᠨ ᠵᠠᠬᠢᠷᠭᠠᠨ ᠤ ᠪᠠᠶᠢᠭᠤᠯᠤᠯᠭ᠎ᠠ ᠨᠤᠭᠤᠳ ᠢ ᠬᠤᠲᠠ ᠠᠴᠠ ᠨᠡᠭᠦᠯᠭᠡᠨ ᠰᠢᠯᠵᠢᠬᠦᠯᠬᠦ᠂ ᠬᠥᠰᠢᠭᠡᠲᠦ ᠶᠢᠨ ᠬᠥᠨᠳᠡᠢ ᠳᠤ ᠨᠡᠭᠦᠯᠭᠡᠬᠦ ᠲᠣᠭᠲᠠᠭᠠᠯ ᠢ ᠪᠠᠲᠤᠯᠠᠵᠤ ᠪᠠᠶᠢᠭᠰᠠᠨ᠃ ᠡᠭᠦᠨ ᠲᠠᠢ ᠬᠤᠯᠪᠣᠭᠳᠠᠭᠤᠯᠤᠭᠠᠳ ᠪᠤᠶᠠᠨᠲᠤ ᠬᠤᠸᠠ ᠨᠢᠰᠬᠦ ᠪᠠᠭᠤᠳᠠᠯ ᠤᠨ ᠲᠣᠳᠤᠷᠬᠠᠶ ᠬᠡᠰᠡᠭ ᠲᠤ ᠴᠠᠬᠢᠮ ᠬᠥᠭᠵᠢᠯ ᠬᠠᠷᠢᠯᠴᠠᠭ᠎ᠠ ᠬᠤᠯᠪᠤᠭᠠᠨ ᠤ ᠶᠠᠮᠤᠨ ᠲᠡᠭᠦᠨ ᠤ ᠬᠠᠷᠢᠶ᠎ᠠ ᠪᠠᠶᠢᠭᠤᠯᠤᠯᠭ᠎ᠠ ᠨᠤᠭᠤᠳ ᠰᠢᠯᠵᠢᠵᠦ ᠲᠡᠨᠳᠡ ᠪᠠᠶᠢᠷᠢᠰᠢᠵᠤ᠂ ᠮᠡᠳᠡᠭᠡᠯᠡᠯ ᠲᠧᠻᠨᠣᠯᠣᠭᠢ ᠶᠢᠨ ᠦᠨᠳᠦᠰᠦᠨ ᠤ ᠫᠠᠷᠺ ᠳᠡᠭᠡᠷ᠎ᠡ ᠲᠦᠰᠢᠭᠯᠡᠨ ᠢᠨᠨᠤᠸᠠᠼ ᠤᠨ ᠲᠥᠪ ᠢ ᠬᠥᠭᠵᠢᠭᠦᠯᠬᠦ ᠱᠠᠭᠠᠷᠳᠠᠯᠭ᠎ᠠ ᠲᠠᠢ᠃ ᠬᠠᠷᠢᠯᠴᠠᠭ᠎ᠠ ᠬᠤᠯᠪᠣᠭ᠎ᠠ᠂ ᠮᠡᠳᠡᠭᠡᠯᠡᠯ ᠲᠧᠻᠨᠣᠯᠣᠭᠢ ᠶᠢᠨ ᠰᠠᠯᠪᠤᠷᠢ ᠣᠷᠣᠨ ᠵᠠᠢ ᠠᠴᠠ ᠦᠯᠦ ᠬᠠᠮᠢᠶᠠᠷᠴᠤ ᠦᠶᠯᠡ ᠠᠵᠢᠯᠯᠠᠭ᠎ᠠ ᠶᠠᠪᠤᠭᠤᠯᠳᠠᠭ᠃ ᠲᠡᠭᠡᠬᠦ ᠪᠠᠷ ᠵᠠᠪᠠᠯ ᠬᠤᠲᠠ ᠶᠢᠨ ᠲᠥᠪ ᠲᠤ ᠦᠶᠯᠡ ᠠᠵᠢᠯᠯᠠᠭ᠎ᠠ ᠶᠠᠪᠤᠭᠤᠯᠬᠤ ᠱᠠᠭᠠᠷᠳᠠᠯᠭ᠎ᠠ ᠦᠭᠡᠶ᠃ ᠪᠤᠶᠠᠨᠲᠤ – ᠬᠤᠸᠠ ᠶᠢ ᠮᠣᠩᠭᠣᠯ ᠤᠨ︽ᠴᠠᠬᠢᠭᠤᠷ ᠤᠨ ᠬᠥᠨᠳᠡᠢ︾ᠪᠣᠯᠭᠠᠵᠤ ᠬᠥᠭᠵᠢᠭᠦᠯᠬᠦ ᠡᠬᠢᠯᠡᠯ ᠢ ᠲᠠᠯᠪᠢᠬᠤ ᠱᠠᠭᠠᠷᠳᠠᠯᠭ᠎ᠠ ᠲᠠᠢ ᠭᠡᠪᠡ᠃