ᠡᠨᠡ ᠣᠨ ᠤ 8 ᠳ᠋ᠤᠭᠠᠷ ᠰᠠᠷ᠎ᠠ ᠶᠢᠨ ᠪᠠᠶᠢᠳᠠᠯ ᠢᠶᠠᠷ ᠬᠡᠷᠡᠭᠯᠡᠭᠡᠨ ᠤ ᠪᠠᠷᠠᠭ᠎ᠠ ᠪᠦᠲᠦᠭᠡᠭᠳᠡᠬᠦᠨ᠂ ᠦᠢᠯᠡᠴᠢᠯᠡᠭᠡᠨ ᠤ ᠦᠨ᠎ᠡ ᠶᠢᠨ ᠥᠰᠦᠯᠲᠡ 14.4 ᠬᠤᠪᠢ ᠲᠠᠶ ᠪᠠᠶᠢᠨ᠎ᠡ᠃ ᠡᠭᠦᠨ ᠤ 4.9 ᠨᠢᠭᠡᠴᠢ ᠬᠤᠪᠢ ᠪᠤᠶᠤ 34 ᠬᠤᠪᠢ ᠶᠢ ᠬᠦᠨᠡᠰᠦᠨ ᠤ ᠪᠦᠯᠦᠭ ᠤᠨ ᠪᠦᠲᠦᠭᠡᠭᠳᠡᠬᠦᠨ ᠤᠨ ᠦᠨ᠎ᠡ ᠶᠢᠨ ᠥᠰᠦᠯᠲᠡ ᠡᠵᠡᠯᠡᠵᠦ ᠪᠠᠶᠢᠨ᠎ᠡ᠃ ᠡᠭᠦᠨ ᠳᠦ ᠲᠠᠯᠬ᠎ᠠ᠂ ᠭᠤᠯᠢᠷ ᠪᠦᠲᠦᠭᠡᠭᠳᠡᠬᠦᠨ᠂ ᠴᠡᠭᠠᠠ ᠪᠤᠳᠠᠭᠠᠨ ᠤ ᠦᠨ᠎ᠡ ᠵᠢᠯ ᠤᠨ 22.3 ᠬᠤᠪᠢ ᠪᠠᠷ ᠥᠰᠴᠦ᠂ 1.5 ᠨᠢᠭᠡᠴᠢ ᠬᠤᠪᠢ ᠶᠢ ᠡᠵᠡᠯᠡᠵᠦ ᠪᠠᠶᠢᠨ᠎ᠡ᠃
ᠭᠠᠳᠠᠭᠠᠳᠤ ᠬᠤᠳᠠᠯᠳᠤᠭᠠᠨ ᠤ ᠲᠡᠩᠴᠡᠯ ᠡᠨᠡ ᠣᠨ ᠤ ᠡᠬᠢᠨ ᠤ 8 ᠰᠠᠷ᠎ᠠ ᠶᠢᠨ ᠤᠷᠢᠳᠴᠢᠯᠠᠭᠰᠠᠨ ᠭᠦᠢᠴᠡᠳᠬᠡᠯ ᠢᠶᠠᠷ 2.2 ᠲᠡᠷᠪᠤᠮ ᠳ᠋ᠣᠯᠯᠠᠷ ᠤᠨ ᠠᠰᠢᠭ ᠲᠠᠢ ᠭᠠᠷᠴᠠᠢ᠃ ᠠᠵᠤ ᠦᠢᠯᠡᠳᠪᠦᠷᠢ ᠶᠢᠨ ᠨᠡᠶᠢᠲᠡ ᠦᠶᠯᠡᠳᠪᠦᠷᠢᠯᠡᠯ ᠡᠮᠦᠨᠡᠬᠢ ᠣᠨ ᠤ ᠮᠦᠠ ᠦᠶ᠎ᠡ ᠠᠴᠠ 2.9 ᠬᠤᠪᠢ ᠪᠠᠷ ᠥᠰᠴᠡᠢ᠃