ᠤᠯᠠᠭᠠᠨᠪᠠᠭᠠᠲᠤᠷ ᠲᠤ ᠪᠣᠯᠬᠤ︽ᠳᠡᠯᠡᠬᠡᠢ ᠶᠢᠨ ᠡᠺᠰᠫᠣᠷᠲ ᠢ ᠳᠡᠮᠵᠢᠬᠦ ᠹᠷᠦᠮ︾ ᠤᠨ ᠲᠠᠯ᠎ᠠ ᠪᠠᠷ ᠬᠠᠮᠲᠤᠷᠠᠨ ᠠᠵᠢᠯᠯᠠᠨ᠎ᠠ | News.MN

ᠤᠯᠠᠭᠠᠨᠪᠠᠭᠠᠲᠤᠷ ᠲᠤ ᠪᠣᠯᠬᠤ︽ᠳᠡᠯᠡᠬᠡᠢ ᠶᠢᠨ ᠡᠺᠰᠫᠣᠷᠲ ᠢ ᠳᠡᠮᠵᠢᠬᠦ ᠹᠷᠦᠮ︾ ᠤᠨ ᠲᠠᠯ᠎ᠠ ᠪᠠᠷ ᠬᠠᠮᠲᠤᠷᠠᠨ ᠠᠵᠢᠯᠯᠠᠨ᠎ᠠ

ᠭᠠᠳᠠᠭᠠᠳᠤ ᠬᠠᠷᠢᠯᠴᠠᠭᠠᠨ ᠤ ᠳᠡᠳ᠋ ᠰᠠᠶᠢᠳ ᠪ ∙ ᠮᠥᠩᠬᠡᠵᠢᠨ ᠮᠠᠨ ᠤ ᠤᠯᠤᠰ ᠲᠤ 18-22 ᠤ ᠡᠳᠦᠷ ᠤᠳ ᠲᠤ ᠠᠵᠢᠯ ᠤᠨ ᠠᠶᠢᠯᠴᠢᠯᠠᠯ ᠬᠢᠵᠦ ᠪᠤᠶ ᠣᠯᠠᠨ ᠤᠯᠤᠰ ᠤᠨ ᠬᠤᠳᠠᠯᠳᠤᠭᠠᠨ ᠤ ᠲᠥᠪ ᠤᠨ ᠳᠡᠳ᠋ ᠵᠠᠬᠢᠷᠤᠯ ᠬᠠᠲᠤᠭᠲᠠᠶ  ᠳᠤᠷᠤᠲ᠋ᠢ ᠲᠧᠮᠪᠤ ᠲᠡᠷᠢᠭᠦᠲᠡᠢ ᠲᠥᠯᠥᠭᠡᠯᠡᠭᠴᠢᠳ ᠢ ᠭᠠᠳᠠᠭᠠᠳᠤ ᠬᠠᠷᠢᠯᠴᠠᠭᠠᠨ ᠤ ᠶᠠᠮᠤᠨ ᠳᠤ ᠬᠦᠯᠢᠶᠡᠨ ᠠᠪᠴᠤ ᠠᠭᠤᠯᠵᠠᠪᠠ᠃ ᠠᠭᠤᠯᠵᠠᠯᠲᠠ ᠪᠠᠷ ᠣᠯᠠᠨ ᠤᠯᠤᠰ ᠤᠨ ᠬᠤᠳᠠᠯᠳᠤᠭᠠᠨ ᠤ ᠲᠥᠪ  ᠲᠠᠢ ᠬᠠᠮᠲᠤᠷᠠᠨ ᠮᠣᠩᠭᠤᠯ ᠤᠯᠤᠰ ᠤᠨ ᠶᠡᠷᠦᠩᠬᠡᠶᠢᠯᠡᠭᠴᠢ ᠶᠢᠨ ᠢᠪᠡᠭᠡᠯ ᠳ᠋ᠤᠷ 2023 ᠣᠨ ᠤ ᠵᠢᠷᠭᠤᠳᠤᠭᠠᠷ ᠰᠠᠷ᠎ᠠ ᠳᠤ ᠤᠯᠠᠭᠠᠨᠪᠠᠭᠠᠲᠤᠷ ᠬᠤᠲᠠᠨ᠎ᠠ ᠵᠣᠬᠢᠶᠠᠨ ᠪᠠᠶᠢᠭᠤᠯᠬᠤ ᠪᠠᠷ ᠲᠥᠯᠥᠪᠯᠡᠵᠦ ᠪᠤᠶ︽ᠳᠡᠯᠡᠬᠡᠢ ᠶᠢᠨ ᠡᠺᠰᠫᠣᠷᠲ ᠢ ᠳᠡᠮᠵᠢᠬᠦ ᠹᠷᠦᠮ︾ ᠤᠨ ᠪᠡᠯᠡᠦᠡᠭᠡᠯ ᠠᠵᠢᠯ ᠢ ᠬᠠᠮᠲᠤᠷᠠᠨ ᠬᠠᠩᠭᠠᠬᠤ ᠠᠰᠠᠭᠤᠳᠠᠯ ᠢᠶᠠᠷ ᠬᠠᠷᠢᠯᠴᠠᠨ ᠮᠡᠳᠡᠭᠡᠯᠡᠯ᠂ ᠰᠠᠨᠠᠯ ᠰᠣᠯᠢᠯᠴᠠᠯ᠎ᠠ᠃
ᠳᠤᠷᠤᠲ᠋ᠢ ᠲᠧᠮᠪᠤ ᠣᠯᠠᠨ ᠤᠯᠤᠰ ᠤᠨ ᠬᠤᠳᠠᠯᠳᠤᠭᠠᠨ ᠤ ᠲᠥᠪ ᠨᠢ  ᠭᠠᠳᠠᠭᠠᠳᠤ ᠬᠠᠷᠢᠯᠴᠠᠭᠠᠨ ᠤ ᠶᠠᠮᠤᠨ ᠪᠤᠯᠦᠠ  ᠮᠤᠩᠭᠤᠯ ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠤᠷᠢ ᠶᠢᠨ ᠲᠠᠩᠬᠢᠮ  ᠲᠠᠢ ᠬᠠᠮᠲᠤᠷᠠᠨ ᠪᠣᠯᠪᠠᠰᠤᠷᠠᠭᠤᠯᠤᠭᠰᠠᠨ ᠮᠣᠩᠭᠤᠯ ᠤᠯᠤᠰ ᠤᠨ ᠬᠤᠳᠠᠯᠳᠤᠭ᠎ᠠ᠂ ᠬᠥᠷᠥᠩᠭᠡ ᠣᠷᠤᠭᠤᠯᠤᠯᠲᠠ ᠶᠢᠨ ᠵᠠᠮ ᠤᠨ ᠵᠢᠷᠤᠭᠯᠠᠯ ᠤᠨ ᠳᠠᠷᠠᠭ᠎ᠠ ᠶᠢᠨ ᠦᠶ᠎ᠡ ᠱᠠᠲᠤ ᠪᠣᠯᠬᠤ︽ᠦᠨᠳᠦᠰᠦᠨ ᠤ ᠡᠺᠰᠫᠣᠷᠲ ᠢ ᠬᠥᠭᠵᠢᠭᠦᠯᠬᠦ ᠰᠲᠷᠡᠲ᠋ᠧᠬᠢ︾ ᠲᠥᠰᠥᠯ ᠢ ᠬᠡᠷᠡᠭᠵᠢᠭᠦᠯᠵᠦ ᠡᠬᠢᠯᠡᠵᠦ ᠪᠤᠢ ᠶᠢ ᠳᠤᠷᠠᠳᠤᠭᠠᠳ  ᠡᠨᠡ ᠬᠦ ᠲᠥᠰᠥᠯ ᠨᠢ ᠮᠣᠩᠭᠤᠯ ᠤᠯᠤᠰ ᠤᠨ ᠲᠥᠷᠥ ᠠᠴᠠ ᠬᠤᠳᠠᠯᠳᠤᠭᠠᠨ ᠤ ᠰᠠᠯᠪᠤᠷᠢ ᠳᠤ ᠪᠠᠷᠢᠮᠲᠠᠯᠠᠬᠤ ᠪᠣᠳᠤᠯᠭ᠎ᠠ ᠲᠡᠷᠡ ᠳᠤᠮᠳᠠ ᠪᠠᠨ  ᠠᠭᠤᠯᠠ ᠠᠭᠤᠷᠬᠠᠢ ᠶᠢᠨ ᠪᠤᠰᠤ ᠡᠺᠰᠫᠣᠷᠲ ᠤᠨ ᠴᠣᠭᠴᠠ ᠪᠣᠳᠤᠯᠭ᠎ᠠ ᠪᠣᠯᠪᠠᠰᠤᠷᠠᠭᠤᠯᠬᠤ᠂ ᠴᠢᠨᠠᠭᠰᠢᠳᠠ ᠰᠣᠩᠭᠤᠭᠰᠠᠨ ᠪᠠᠷᠠᠭ᠎ᠠ ᠪᠦᠲᠦᠭᠡᠭᠳᠡᠬᠦᠨ ᠲᠤᠰᠪᠦᠷᠢ ᠪᠠᠷ ᠡᠺᠰᠫᠣᠷᠲ ᠤᠨ ᠵᠠᠮ ᠤᠨ ᠵᠢᠷᠤᠭᠯᠠᠯ ᠲᠠᠢ ᠪᠣᠯᠬᠤ ᠳᠤ ᠴᠢᠬᠤᠯᠠ ᠠᠴᠢ ᠬᠤᠯᠪᠣᠭᠳᠠᠯ ᠲᠠᠢ ᠪᠥᠭᠡᠳ ᠦᠷ᠎ᠡ ᠳ᠋ᠦᠩ ᠢᠶᠠᠨ ᠥᠭᠴᠦ ᠪᠠᠶᠢᠭ᠎ᠠ ᠶᠢ ᠲᠡᠮᠳᠡᠭᠯᠡᠪᠡ᠃

ᠰᠡᠳᠬᠢᠭᠳᠡᠯ ᠦᠯᠡᠳᠡᠭᠡᠬᠦ