ᠮᠣᠩᠭᠤᠯ ᠤᠯᠤᠰ 2022 ᠣᠨ ᠤ ᠡᠬᠢᠨ ᠤ 8 ᠰᠠᠷ᠎ᠠ ᠳᠤ ᠨᠡᠶᠢᠲᠡ 153 ᠤᠯᠤᠰ ᠲᠠᠢ ᠬᠤᠳᠠᠯᠳᠤᠭ᠎ᠠ ᠬᠢᠵᠦ᠂ ᠭᠠᠳᠠᠭᠠᠳᠤ ᠬᠤᠳᠠᠯᠳᠤᠭᠠᠨ ᠤ ᠨᠡᠶᠢᠲᠡ ᠪᠠᠷᠠᠭ᠎ᠠ ᠡᠷᠭᠢᠯᠲᠡ 13.4 ᠲᠡᠷᠪᠤᠮ ᠳ᠋ᠣᠯᠯᠠᠷ ᠪᠣᠯᠵᠠᠢ᠃ ᠡᠭᠦᠨ ᠠᠴᠠ ᠡᠺᠰᠫᠣᠷᠲ 7.8 ᠲᠡᠷᠪᠤᠮ ᠳ᠋ᠣᠯᠯᠠᠷ᠂ ᠢᠮᠫᠣᠷᠲ 5.6 ᠲᠡᠷᠪᠤᠮ ᠳ᠋ᠣᠯᠯᠠᠷ ᠪᠠᠶᠢᠨ᠎ᠡ᠃
ᠨᠡᠶᠢᠲᠡ ᠪᠠᠷᠠᠭ᠎ᠠ ᠡᠷᠭᠢᠯᠲᠡ ᠶᠢᠨ ᠭᠡᠮᠵᠢᠶ᠎ᠠ ᠡᠮᠦᠨᠡᠬᠢ ᠣᠨ ᠤ ᠮᠦᠠ ᠦᠶ᠎ᠡ ᠠᠴᠠ 3.3 ᠲᠡᠷᠪᠤᠮ ᠳ᠋ᠣᠯᠯᠠᠷ ᠢᠶᠠᠷ᠂ ᠡᠺᠰᠫᠣᠷᠲ 2.2 ᠲᠡᠷᠪᠤᠮ ᠳ᠋ᠣᠯᠯᠠᠷ ᠢᠶᠠᠷ᠂ ᠢᠮᠫᠣᠷᠲ 1.1 ᠲᠡᠷᠪᠤᠮ ᠳ᠋ᠣᠯᠯᠠᠷ ᠢᠶᠠᠷ ᠥᠰᠴᠡᠢ᠃ ᠮᠦᠠ 2022 ᠣᠨ ᠤ 8 ᠳ᠋ᠤᠭᠠᠷ ᠰᠠᠷ᠎ᠠ ᠳᠤ ᠡᠺᠰᠫᠣᠷᠲ ᠡᠮᠦᠨᠡᠬᠢ ᠰᠠᠷ᠎ᠠ ᠠᠴᠠ 135 ᠰᠠᠶ᠎ᠠ ᠳ᠋ᠣᠯᠯᠠᠷ ᠢᠶᠠᠷ᠂ ᠢᠮᠫᠣᠷᠲ 22.4 ᠰᠠᠶ᠎ᠠ ᠳ᠋ᠣᠯᠯᠠᠷ ᠢᠶᠠᠷ ᠲᠤᠰ ᠲᠤᠰ ᠥᠰᠦᠭᠰᠡᠨ ᠪᠠᠶᠢᠨ᠎ᠡ