ᠭᠠᠳᠠᠭᠠᠳᠤ ᠬᠠᠷᠢᠯᠴᠠᠭᠠᠨ ᠤ ᠶᠠᠮᠤᠨ ᠤ ᠲᠥᠷᠦ ᠶᠢᠨ ᠨᠡᠷᠢᠠ ᠪᠢᠴᠢᠭ ᠤᠨ ᠳᠠᠷᠤᠭ᠎ᠠ ᠨ᠊ ·ᠠᠩᠬᠠᠪᠠᠶᠠᠷ ᠠᠮᠧᠷᠢᠺᠠ ᠶᠢᠨ ᠡᠯᠴᠢᠨ ᠰᠠᠢᠳ ᠤᠨ ᠶᠠᠮᠤᠨ ᠤ ᠬᠡᠷᠡᠭ ᠢ ᠲᠦᠷ ᠬᠠᠮᠢᠶᠠᠷᠤᠭᠴᠢ ᠮᠧᠢᠲ᠋ᠢᠦ᠋ ᠹᠧᠷᠡᠨᠰ᠂ ᠮᠣᠩᠭᠤᠯ ᠳᠠᠬᠢ ᠠᠮᠧᠷᠢᠺᠠ ᠶᠢᠨ ᠡᠩᠬᠡ ᠲᠠᠶᠢᠪᠤᠩ ᠤᠨ ᠺᠤᠷᠫᠦ᠋ᠰ ᠤᠨ ᠣᠷᠣᠨ ᠬᠠᠷᠢᠭᠤᠴᠠᠭᠰᠠᠨ ᠵᠠᠬᠢᠷᠤᠯ ᠺᠢᠮ ᠮᠠᠨᠰᠠᠷᠠᠢ ᠨᠠᠷ ᠢ 10 ᠳ᠋ᠤᠭᠠᠷ ᠰᠠᠷ᠎ᠠ ᠶᠢᠨ 13 ᠤ ᠡᠳᠦᠷ ᠬᠦᠯᠢᠶᠡᠨ ᠠᠪᠴᠤ ᠠᠭᠤᠯᠵᠠᠪᠠ᠃
ᠠᠭᠤᠯᠵᠠᠯᠲᠠ ᠶᠢᠨ ᠦᠶ᠎ᠡ ᠪᠠᠷ ᠵᠤᠴᠢᠳ ᠮᠣᠩᠭᠤᠯ ᠳᠠᠬᠢ ᠡᠩᠬᠡ ᠲᠠᠶᠢᠪᠤᠩ ᠤᠨ ᠺᠤᠷᠫᠦ᠋ᠰ ᠤᠨ ᠦᠶᠯᠡ ᠠᠵᠢᠯᠯᠠᠭ᠎ᠠ ᠶᠢ ᠦᠷᠭᠦᠯᠵᠢ ᠳᠡᠮᠵᠢᠵᠦ ᠢᠷᠡᠭᠰᠡᠨ ᠳᠤ ᠮᠣᠩᠭᠣᠯ ᠤᠨ ᠲᠠᠯ᠎ᠠ ᠳᠤ ᠲᠠᠯᠠᠷᠬᠠᠯ ᠢᠯᠡᠷᠬᠡᠶᠢᠯᠡᠭᠡᠳ᠂ COVID – 19 ᠶᠢᠨ ᠤᠯᠠᠮ ᠠᠴᠠ ᠨᠤᠳᠤᠬ ᠪᠤᠴᠠᠭᠠᠳ ᠪᠠᠶᠢᠭᠰᠠᠨ ᠡᠩᠬᠡ ᠲᠠᠶᠢᠪᠤᠩ ᠤᠨ ᠺᠤᠷᠫᠦ᠋ᠰ ᠤᠨ ᠰᠠᠶᠢᠨ ᠳᠤᠷ᠎ᠠ ᠶᠢᠨ ᠠᠵᠢᠯᠲᠠᠳ ᠡᠨᠡ 10 ᠳ᠋ᠤᠭᠠᠷ ᠰᠠᠷ᠎ᠠ ᠶᠢᠨ 18 ᠤ ᠡᠳᠦᠷ ᠮᠣᠩᠭᠤᠯ ᠳᠤ ᠡᠷᠭᠢᠨ ᠢᠷᠠᠵᠤ᠂ ᠦᠶᠯᠡ ᠠᠵᠢᠯᠯᠠᠭ᠎ᠠ ᠪᠠᠨ ᠰᠡᠷᠭᠦᠭᠡᠨ ᠪᠠᠶᠢᠭ᠎ᠠ ᠲᠠᠯ᠎ᠠ ᠪᠠᠷ ᠮᠡᠳᠡᠭᠡᠯᠡᠪᠡ᠃
ᠰᠠᠶᠢᠨ ᠳᠤᠷ᠎ᠠ ᠶᠢᠨ ᠠᠵᠢᠯᠲᠠᠳ ᠤᠨ ᠡᠬᠢᠨ ᠤ ᠡᠭᠡᠯᠵᠢ 27 ᠬᠥᠮᠥᠨ ᠤ ᠪᠦᠷᠢᠯᠳᠦᠬᠦᠨ ᠲᠠᠢ ᠪᠠᠶᠢᠬᠤ ᠪᠥᠭᠡᠳ ᠲᠦᠯᠬᠢᠭᠦᠦ ᠠᠩᠭ᠍ᠯᠢ ᠬᠡᠯᠡᠨ ᠤ ᠪᠣᠯᠪᠠᠰᠤᠷᠠᠯ ᠪᠤᠯᠦᠠ ᠨᠡᠶᠢᠭᠡᠮ ᠤᠨ ᠬᠥᠭᠵᠢᠯ ᠤᠨ ᠴᠢᠭᠯᠡᠯ ᠳᠤ ᠦᠶᠯᠡ ᠠᠵᠢᠯᠯᠠᠭ᠎ᠠ ᠶᠠᠪᠤᠭᠤᠯᠬᠤ ᠶᠤᠮ᠃ ᠥᠨᠥ ᠶᠢ ᠬᠦᠷᠳᠡᠯ᠎ᠠ ᠡᠩᠬᠡ ᠲᠠᠶᠢᠪᠤᠩ ᠤᠨ ᠺᠤᠷᠫᠦ᠋ᠰ ᠤᠨ ᠨᠡᠶᠢᠲᠡ 1400 ᠭᠠᠷᠦᠢ ᠰᠠᠶᠢᠨ ᠳᠤᠷ᠎ᠠ ᠶᠢᠨ ᠠᠵᠢᠯᠲᠠᠨ ᠮᠠᠨ ᠤ ᠤᠯᠤᠰ ᠤᠨ 21 ᠠᠶᠢᠮᠠᠭ ᠤᠨ 150 ᠭᠠᠷᠦᠢ ᠰᠤᠮᠤ ᠳᠤ ᠠᠵᠢᠯᠯᠠᠵᠠᠢ᠃