ᠲᠡᠮᠦᠷ ᠵᠠᠮ ᠢᠶᠠᠷ ᠲᠡᠭᠡᠭᠡᠭᠰᠡᠨ ᠠᠴᠢᠶ᠎ᠠ ᠡᠨᠡ ᠣᠨ ᠤ ᠡᠬᠢᠨ ᠦ 9 ᠰᠠᠷ᠎ᠠ ᠳᠤ 19.3 ᠰᠠᠶ᠎ᠠ ᠲᠣᠨ ᠪᠣᠯᠵᠤ᠂ ᠡᠮᠦᠨᠡᠬᠢ ᠣᠨ ᠤ ᠮᠥᠨ ᠦᠶ᠎ᠡ ᠶᠢᠨ ᠬᠢ ᠡᠴᠡ 4.5 ᠰᠠᠶ᠎ᠠ ᠲᠣᠨ ᠢᠶᠠᠷ ᠪᠠᠭᠠᠰᠤᠯᠠ᠃ ᠲᠡᠮᠦᠷ ᠵᠠᠮ ᠢᠶᠠᠷ ᠲᠡᠭᠡᠭᠡᠭᠰᠡᠨ ᠠᠴᠢᠶ᠎ᠠ ᠪᠠᠭᠠᠰᠬᠤ ᠳᠤ ᠡᠺᠰᠫᠣᠷᠲ ᠤᠨ ᠠᠴᠢᠶ᠎ᠠ 3.1 ᠰᠠᠶ᠎ᠠ ᠲᠣᠨ᠂ ᠳᠣᠲᠣᠭᠠᠳᠤ ᠠᠴᠢᠶ᠎ᠠ 806.3 ᠮᠢᠩᠭᠠᠨ ᠲᠣᠨ ᠢᠶᠠᠷ ᠲᠤᠰ ᠲᠤᠰ ᠪᠠᠭᠤᠷᠠᠭᠰᠠᠨ ᠨᠢ ᠨᠥᠯᠦᠭᠡᠯᠡᠵᠡᠢ᠃
ᠶᠢᠰᠦᠳᠦᠭᠡᠷ ᠰᠠᠷ᠎ᠠ ᠳᠤ 2.3 ᠰᠠᠶ᠎ᠠ ᠲᠣᠨ ᠪᠣᠯᠵᠤ᠂ ᠡᠮᠦᠨᠡᠬᠢ ᠰᠠᠷ᠎ᠠ ᠶᠢᠨ ᠬᠢ ᠠᠴᠠ 64.1 ᠮᠢᠩᠭᠠᠨ ᠲᠣᠨ ᠢᠶᠠᠷ ᠨᠡᠮᠡᠭᠳᠡᠭᠰᠡᠨ ᠪᠠᠶᠢᠨ᠎ᠠ᠃ ᠡᠭᠦᠨ ᠳᠦ ᠨᠡᠭᠦᠷᠡᠰᠦ ᠲᠡᠭᠡᠭᠡᠪᠦᠷᠢᠯᠡᠯᠲᠡ ᠡᠮᠦᠨᠡᠬᠢ ᠰᠠᠷ᠎ᠠ ᠶᠢᠨ ᠬᠢ ᠠᠴᠠ 37.5 ᠬᠤᠪᠢ ᠪᠠᠷ ᠨᠡᠮᠡᠭᠳᠡᠭᠰᠡᠨ ᠨᠢ ᠨᠥᠯᠦᠭᠡᠯᠡᠭᠰᠡᠨ ᠢ ᠦᠨᠳᠦᠰᠦᠨ ᠦ ᠰᠲ᠋ᠠᠲ᠋ᠢᠰᠲ᠋ᠢᠺ ᠤᠨ ᠬᠣᠷᠢᠶ᠎ᠠ ᠮᠡᠳᠡᠭᠡᠯᠡᠪᠡ᠃