ᠣᠷᠬᠤᠨ ᠤ ᠬᠥᠨᠳᠡᠢ ᠳᠤ ᠰᠢᠨ᠎ᠡ ᠬᠠᠷᠠᠬᠤᠷᠢᠨ ᠬᠤᠳᠠ ᠪᠠᠶᠢᠭᠤᠯᠬᠤ ᠲᠥᠰᠥᠯ ᠢ ᠳᠡᠮᠵᠢᠯ᠎ᠡ | News.MN

ᠣᠷᠬᠤᠨ ᠤ ᠬᠥᠨᠳᠡᠢ ᠳᠤ ᠰᠢᠨ᠎ᠡ ᠬᠠᠷᠠᠬᠤᠷᠢᠨ ᠬᠤᠳᠠ ᠪᠠᠶᠢᠭᠤᠯᠬᠤ ᠲᠥᠰᠥᠯ ᠢ ᠳᠡᠮᠵᠢᠯ᠎ᠡ

ᠵᠠᠰᠠᠭ ᠤᠨ ᠭᠠᠵᠠᠷ ᠤᠨ ᠬᠤᠷᠠᠯᠳᠤᠭᠠᠨ ᠥᠨᠳᠥᠷᠯᠡᠯ᠎ᠡ᠃ ᠬᠤᠷᠠᠯᠳᠤᠭᠠᠨ ᠠᠴᠠ ᠭᠠᠷᠤᠭᠰᠠᠨ ᠰᠢᠢᠳᠪᠦᠷᠢ ᠶᠢ ᠲᠠᠨᠢᠯᠴᠠᠭᠤᠯᠵᠤ ᠪᠠᠶᠢᠨ᠎ᠡ᠃ ᠪᠠᠷᠢᠯᠭ᠎ᠠ᠂ ᠬᠤᠳᠠ ᠪᠠᠶᠢᠭᠤᠯᠤᠯᠲᠠ ᠶᠢᠨ ᠰᠠᠶᠢᠳ ᠪ ∙ ᠮᠥᠩᠬᠡᠪᠠᠭᠠᠲᠤᠷ᠄ ᠣᠷᠬᠤᠨ ᠤ ᠬᠥᠨᠳᠡᠢ ᠳᠤ ᠴᠢᠨᠠᠭᠰᠢᠳᠠ ᠰᠢᠨ᠎ᠡ ᠬᠠᠷᠠᠬᠤᠷᠢᠨ ᠬᠤᠳᠠ ᠪᠡᠷᠢᠬᠤ ᠲᠣᠭᠲᠠᠭᠠᠯ ᠤᠨ ᠲᠥᠰᠥᠯ ᠢ ᠥᠨᠥᠳᠥᠷ ᠤᠨ ᠬᠤᠷᠠᠯᠳᠤᠭᠠᠨ ᠢᠶᠠᠷ ᠳᠡᠮᠵᠢᠭᠰᠡᠨ᠃  ᠡᠨᠡ ᠲᠣᠭᠲᠠᠭᠠᠯ ᠤᠨ ᠲᠥᠰᠥᠯ  ᠤᠯᠤᠰ ᠤᠨ ᠶᠡᠭᠡ ᠬᠤᠷᠠᠯ ᠢᠶᠠᠷ ᠪᠠᠲᠤᠯᠠᠭᠳᠠᠭᠰᠠᠨ ᠳᠠᠷᠤᠢ ᠳᠤ ᠰᠢᠨ᠎ᠡ ᠬᠤᠲᠠᠬᠠᠨ ᠪᠠᠷᠢᠭᠳᠠᠨ᠎ᠠ ᠭᠡᠰᠡᠨ ᠦᠭᠡ ᠪᠢᠰᠢ᠃ ᠬᠠᠷᠢᠨ ᠭᠠᠵᠠᠷ ᠤᠨ ᠪᠠᠶᠢᠷᠢᠰᠢᠯ ᠰᠤᠳᠤᠯᠬᠤ᠂  ᠲᠧᠭᠨᠢᠭ ᠡᠳ᠋ ᠦᠨ ᠵᠠᠰᠠᠭ ᠤᠨ ᠦᠨᠳᠦᠰᠦᠯᠡᠯ ᠪᠣᠯᠪᠠᠰᠤᠷᠠᠭᠤᠯᠬᠤ ᠵᠡᠷᠭᠡ ᠣᠯᠠᠨ ᠠᠵᠢᠯ ᠤᠳ ᠢ ᠬᠢᠨ᠎ᠡ ᠭᠡᠯ᠎ᠡ᠃
ᠮᠣᠩᠭᠤᠯ ᠤᠯᠤᠰ ᠤᠨ ᠤᠷᠲᠤ ᠬᠤᠭᠤᠴᠠᠭᠠᠨ ᠤ ᠬᠥᠭᠵᠢᠯ ᠤᠨ ᠪᠣᠳᠣᠯᠭ᠎ᠠ ᠶᠢᠨ︽ᠠᠯᠤᠰ ᠤᠨ ᠬᠠᠷᠠᠭ᠎ᠠ – 2050︾ᠪᠠᠷᠢᠮᠲᠠ ᠪᠢᠴᠢᠭ ᠲᠦ ᠄︽ᠣᠷᠬᠤᠨ ᠤ ᠬᠥᠨᠳᠡᠢ ᠳᠤ ᠰᠢᠨ᠎ᠡ ᠨᠡᠶᠢᠰᠯᠡᠯ ᠤᠨ ᠪᠠᠶᠢᠷᠢᠰᠢᠯ ᠢ ᠰᠣᠩᠭᠤᠵᠤ᠂ ᠲᠧᠭᠨᠢᠭ ᠡᠳ᠋ ᠤᠨ ᠵᠠᠰᠠᠭ ᠤᠨ ᠦᠨᠳᠦᠰᠦᠯᠡᠯ᠂ ᠬᠥᠭᠵᠢᠯ ᠤᠨ ᠶᠡᠷᠦᠩᠬᠡᠶ ᠲᠥᠯᠥᠪᠯᠡᠭᠡ ᠶᠢ ᠪᠣᠯᠪᠠᠰᠤᠷᠠᠭᠤᠯᠵᠤ᠂ ᠪᠦᠲᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠦᠨ᠎ᠡ︾ᠭᠡᠵᠦ ᠲᠣᠰᠣᠭᠰᠠᠨ᠃

ᠰᠡᠳᠬᠢᠭᠳᠡᠯ ᠦᠯᠡᠳᠡᠭᠡᠬᠦ