ᠤᠯᠤᠰ ᠤᠨ ᠶᠡᠭᠡ ᠬᠤᠷᠠᠯ ᠤᠨ ᠳᠠᠷᠤᠭ᠎ᠠ ᠬ᠋᠊ · ᠽᠠᠨᠳᠠᠨᠰᠢᠲᠠᠷ᠎ᠠ ᠥᠨᠥᠳᠥᠷ ᠳᠡᠯᠡᠬᠡᠢ ᠶᠢᠨ ᠪᠠᠩᠬᠢᠨ ᠤ ᠬᠢᠲᠠᠳ ᠂ ᠪᠦᠬᠦᠳᠠ ᠨᠠᠶᠢᠷᠠᠮᠳᠠᠬᠤ ᠰᠣᠯᠤᠩᠭᠤᠰ ᠤᠯᠤᠰ ᠪᠤᠯᠦᠠ ᠮᠣᠩᠭᠤᠯ ᠤᠯᠤᠰ ᠢ ᠬᠠᠷᠢᠭᠤᠴᠠᠭᠰᠠᠨ ᠵᠠᠬᠢᠷᠤᠯ ᠬᠠᠲᠤᠭᠲᠠᠶ ᠮᠠᠷᠠ ᠸᠠᠷᠸᠢᠺ ᠢ ᠬᠦᠯᠢᠶᠡᠨ ᠠᠪᠴᠤ ᠠᠭᠤᠯᠵᠠᠪᠠ᠃
ᠬ᠋᠊ · ᠽᠠᠨᠳᠠᠨᠰᠢᠲᠠᠷ᠎ᠠ ᠳᠡᠯᠡᠬᠡᠢ ᠶᠢᠨ ᠪᠠᠩᠬᠢᠨ ᠤ ᠮᠣᠩᠭᠤᠯ ᠤᠯᠤᠰ ᠲᠤ ᠦᠵᠡᠭᠦᠯᠵᠦ ᠪᠤᠶ ᠳᠡᠮᠵᠢᠯᠭᠡ᠂ ᠬᠠᠮᠲᠤ ᠶᠢᠨ ᠠᠵᠢᠯᠯᠠᠭ᠎ᠠ ᠪᠠ ᠮᠣᠩᠭᠣᠯ ᠤᠨ ᠪᠢᠽᠨᠧᠰ᠂ ᠬᠥᠷᠥᠩᠭᠡ ᠣᠷᠤᠭᠤᠯᠤᠯᠲᠠ ᠶᠢᠨ ᠣᠷᠴᠢᠨ ᠢ ᠪᠠᠬᠢᠵᠢᠭᠦᠯᠬᠦ ᠳᠤ ᠣᠷᠣᠭᠤᠯᠤᠭᠰᠠᠨ ᠬᠤᠪᠢ ᠨᠡᠮᠡᠷᠢ ᠶᠢ ᠥᠨᠳᠥᠷ ᠢᠶᠠᠷ ᠦᠨᠡᠯᠡᠵᠦ ᠪᠠᠶᠢᠭ᠎ᠠ ᠪᠠᠨ ᠠᠭᠤᠯᠵᠠᠯᠲᠠ ᠶᠢᠨ ᠡᠬᠢᠨ ᠳᠤ ᠲᠡᠮᠳᠡᠭᠯᠡᠪᠡ᠃
ᠬᠠᠲᠤᠭᠲᠠᠶ ᠮᠠᠷᠠ ᠸᠠᠷᠸᠢᠺ ᠤᠯᠤᠰ ᠤᠨ ᠶᠡᠭᠡ ᠬᠤᠷᠠᠯ ᠤᠨ ᠳᠠᠷᠤᠭ᠎ᠠ ᠶᠢ ᠴᠠᠬ ᠵᠠᠪ ᠭᠠᠷᠭᠠᠨ ᠠᠭᠤᠯᠵᠠᠵᠤ ᠪᠠᠢᠭ᠎ᠠ ᠳᠤ ᠲᠠᠯᠠᠷᠬᠠᠯ ᠢᠯᠡᠷᠬᠡᠶᠢᠯᠡᠭᠡᠳ ᠤᠯᠤᠰ ᠤᠨ ᠶᠡᠭᠡ ᠬᠤᠷᠠᠯ ᠠᠴᠠ ᠪᠠᠲᠤᠯᠠᠵᠤ ᠪᠤᠶ ᠬᠠᠤᠯᠢ ᠲᠣᠭᠲᠠᠭᠠᠮᠵᠢ ᠪᠤᠯᠦᠠ ᠴᠢᠨᠠᠭᠰᠢᠳᠠ ᠠᠪᠬᠤ ᠠᠷᠭ᠎ᠠ ᠭᠡᠮᠵᠢᠶ᠎ᠠ ᠨᠢ ᠳᠡᠯᠡᠬᠡᠢ ᠶᠢᠨ ᠪᠠᠩᠬᠢᠨ ᠠᠴᠠ ᠭᠠᠷᠭᠠᠭᠰᠠᠨ ᠲᠠᠶᠢᠯᠤᠨ᠂ ᠵᠥᠪᠯᠡᠮᠵᠢ ᠲᠠᠢ ᠤᠶᠠᠯᠳᠤᠭ᠎ᠠ ᠲᠠᠢ ᠪᠣᠯᠬᠤ ᠶᠢ ᠲᠡᠮᠳᠡᠭᠯᠡᠵᠦ᠂ ᠵᠣᠷᠢᠮᠠᠭ ᠷᠧᠹᠣᠷᠮ ᠬᠢᠵᠦ ᠪᠠᠢᠭ᠎ᠠ ᠳᠤ ᠪᠡᠶᠡᠷ ᠲᠠᠢ ᠪᠠᠶᠢᠨ᠎ᠡ ᠭᠡᠪᠡ᠃ ᠲᠡᠷᠡ ᠪᠠᠷ ᠳᠡᠯᠡᠬᠡᠢ ᠶᠢᠨ ᠪᠠᠩᠬᠢᠨ ᠤ ᠬᠡᠷᠡᠭᠵᠢᠭᠦᠯᠦᠭᠰᠡᠨ ᠲᠥᠰᠥᠯ᠂ ᠮᠦᠠ ᠴᠢᠨᠠᠭᠰᠢᠳᠠ ᠠᠪᠬᠤ ᠠᠷᠭ᠎ᠠ ᠬᠡᠮᠵᠢᠶᠡᠨ ᠤ ᠬᠦᠷᠢᠶᠡᠨ ᠳᠤ ᠵᠢᠵᠢᠭ᠂ ᠳᠤᠮᠳᠠ ᠪᠢᠽᠨᠧᠰ ᠢ ᠳᠡᠮᠵᠢᠬᠦ᠂ ᠲᠥᠷᠥᠯᠵᠢᠭᠦᠯᠬᠦ᠂ ᠠᠵᠢᠯ ᠤᠨ ᠪᠠᠶᠢᠷᠢ ᠶᠢ ᠨᠡᠮᠡᠭᠳᠡᠭᠦᠯᠬᠦ ᠳᠤ ᠠᠩᠬᠠᠷᠤᠨ ᠠᠵᠢᠯᠯᠠᠵᠤ ᠪᠠᠶᠢᠨ᠎ᠡ᠃ ᠳᠡᠯᠡᠬᠡᠢ ᠶᠢᠨ ᠪᠠᠩᠬᠢᠨ ᠤ ᠬᠢᠨ ᠰᠠᠶᠢᠨ ᠵᠠᠰᠠᠭᠯᠠᠯ ᠢ ᠪᠠᠬᠢᠵᠢᠭᠦᠯᠬᠦ᠂ ᠰᠡᠷᠭᠦᠭᠡᠭᠳᠡᠬᠦ ᠡᠷᠴᠢᠮ ᠬᠦᠴᠦ᠂ ᠠᠭᠤᠷ ᠠᠮᠢᠰᠬᠤᠯ ᠵᠡᠷᠭᠡ ᠬᠥᠲᠥᠯᠪᠦᠷᠢ ᠶᠢ ᠢᠷᠡᠬᠦ ᠵᠢᠯ ᠠᠴᠠ ᠬᠡᠷᠡᠭᠵᠢᠭᠦᠯᠬᠦ ᠪᠣᠯᠣᠭᠰᠠᠨ ᠢ ᠳᠤᠭᠤᠯᠭᠠᠬᠤ ᠳᠤ ᠲᠠᠭᠠᠲᠠᠢ ᠪᠠᠶᠢᠨ᠎ᠡ᠃ ᠡᠭᠦᠨ ᠳᠤ ᠤᠯᠤᠰ ᠤᠨ ᠶᠡᠭᠡ ᠬᠤᠷᠠᠯ ᠤᠨ ᠳᠠᠷᠤᠭ᠎ᠠ ᠶᠢ ᠳᠡᠮᠵᠢᠯᠭᠡ ᠦᠵᠡᠭᠦᠯᠦᠨ ᠠᠵᠢᠯᠯᠠᠨ᠎ᠠ ᠭᠡᠳᠡᠭ ᠲᠤ ᠢᠲᠡᠭᠡᠯ ᠲᠠᠢ ᠪᠠᠶᠢᠨ᠎ᠡ ᠭᠡᠯᠡ᠃