ᠪᠠᠷᠠᠭᠤᠨ ᠪᠥᠰᠡ ᠶᠢᠨ ᠲᠤᠯᠭᠠᠭᠤᠷᠢ ᠲᠥᠪ ᠪᠣᠯᠬᠤ ᠪᠠᠶᠠᠨᠬᠣᠩᠭᠣᠷ ᠠᠶᠢᠮᠠᠭ ᠲᠤ ᠰᠣᠷᠢᠴᠠ ᠲᠣᠭᠲᠠᠭᠠᠬᠤ ᠯᠠᠪᠤᠷᠠᠲ᠋ᠣᠷᠢ 2022 ᠣᠨ ᠳᠤ 1377 ᠺᠢᠯᠦᠭᠷᠡᠮ ᠠᠯᠲᠠ ᠬᠠᠶᠢᠯᠵᠤ᠂ ᠭᠤᠯᠳᠤᠮᠠᠶᠢᠯᠠᠨ᠂ ᠰᠣᠷᠢᠴᠠ ᠲᠣᠭᠲᠠᠭᠠᠬᠤ ᠰᠢᠨᠵᠢᠯᠡᠭᠡ ᠶᠢ ᠬᠢᠪᠡ᠃
ᠦᠨᠡᠲᠦ ᠮᠧᠲ᠋ᠠᠯ ᠤᠨ ᠰᠣᠷᠢᠴᠠ ᠲᠣᠭᠲᠠᠭᠠᠬᠤ ᠯᠠᠪᠤᠷᠠᠲ᠋ᠣᠷᠢ ᠨᠢ ᠪᠠᠶᠠᠨᠬᠣᠩᠭᠣᠷ ᠠᠶᠢᠮᠠᠭ ᠤᠨ ᠰᠲ᠋ᠠᠨᠳᠠᠷᠲ᠂ ᠬᠡᠮᠵᠢᠯ ᠵᠦᠢ ᠶᠢᠨ ᠬᠡᠯᠲᠡᠰ ᠦᠨ ᠳᠡᠷᠭᠡᠳᠡ ᠦᠢᠯᠡ ᠠᠵᠢᠯᠯᠠᠭ᠎ᠠ ᠶᠠᠪᠤᠭᠤᠯᠳᠠᠭ ᠪᠥᠭᠡᠳ ᠡᠨᠡ ᠣᠨ ᠳᠤ 17 ᠠᠵᠤ ᠠᠬᠤᠢ ᠶᠢᠨ ᠨᠢᠭᠡᠴᠡ᠂ 12 ᠢᠷᠭᠡᠨ ᠦ ᠨᠡᠶᠢᠲᠡ ᠳᠦ ᠪᠡᠨ 685 ᠰᠢᠷᠬᠡᠭ ᠠᠯᠲᠠᠨ ᠭᠤᠯᠳᠤᠮᠠᠢ ᠬᠡᠪᠯᠡᠨ᠂ ᠰᠣᠷᠢᠴᠠ ᠲᠣᠭᠲᠠᠭᠠᠬᠤ ᠬᠢᠮᠢ ᠶᠢᠨ ᠰᠢᠨᠵᠢᠯᠡᠭᠡ ᠶᠢ ᠭᠠᠷᠭᠠᠭᠰᠠᠨ ᠪᠠᠶᠢᠨ᠎ᠠ᠃
ᠮᠣᠩᠭᠣᠯ ᠤᠯᠤᠰ ᠤᠨ ᠵᠠᠰᠠᠭ ᠤᠨ ᠭᠠᠵᠠᠷ ᠤᠨ 2016-2020 ᠣᠨ ᠤ 《ᠠᠯᠲᠠ-2》 ᠦᠨᠳᠦᠰᠦᠨ ᠦ ᠬᠥᠲᠥᠯᠪᠦᠷᠢ ᠶᠢᠨ ᠬᠦᠷᠢᠶᠡᠨ ᠳᠦ ᠮᠣᠩᠭᠣᠯ ᠪᠠᠩᠬᠢ᠂ ᠰᠸᠢᠰ ᠤᠨ ᠬᠥᠭᠵᠢᠯ ᠦᠨ ᠠᠭᠧᠨᠲᠯᠢᠭ ᠤᠨ《ᠲᠣᠭᠲᠠᠪᠤᠷᠢᠲᠠᠢ ᠪᠢᠴᠢᠯ ᠠᠭᠤᠷᠬᠠᠢ》ᠲᠥᠰᠥᠯ ᠪᠣᠯᠤᠨ ᠰᠲ᠋ᠠᠨᠳᠠᠷᠲ᠂ ᠬᠡᠮᠵᠢᠯ ᠵᠦᠢ ᠶᠢᠨ ᠭᠠᠵᠠᠷ ᠤᠨ ᠬᠠᠷᠢᠶ᠎ᠠ ᠦᠨᠡᠲᠦ ᠮᠧᠲ᠋ᠠᠯ ᠤᠨ ᠰᠣᠷᠢᠴᠠ ᠶᠢᠨ ᠬᠢᠨᠠᠯᠲᠠ ᠶᠢᠨ ᠭᠠᠵᠠᠷ ᠲᠠᠢ ᠬᠠᠮᠲᠤᠷᠠᠨ ᠰᠣᠷᠢᠴᠠ ᠶᠢᠨ ᠯᠠᠪᠤᠷᠠᠲ᠋ᠣᠷᠢ ᠶᠢᠨ ᠦᠢᠯᠡ ᠠᠵᠢᠯᠯᠠᠭ᠎ᠠ ᠶᠢ 2018 ᠣᠨ ᠤ 10 ᠳ᠋ᠤᠭᠠᠷ ᠰᠠᠷ᠎ᠠ ᠶᠢᠨ 18 ᠳᠦ ᠡᠬᠢᠯᠡᠭᠦᠯᠵᠦ ᠪᠠᠢᠪᠠ᠃