ᠲᠥᠷᠦ ᠶᠢᠨ ᠠᠯᠪᠠᠨ ᠤ ᠴᠠᠯᠢᠩ ᠤᠨ ᠨᠢᠭᠡᠳᠦᠭᠰᠡᠨ ᠲᠣᠭᠲᠠᠯᠴᠠᠭ᠎ᠠ ᠶᠢ ᠰᠢᠨᠡᠴᠢᠯᠡᠵᠦ᠂ ᠴᠠᠯᠢᠩ ᠬᠥᠯᠥᠰᠦ ᠶᠢ ᠠᠵᠢᠯᠯᠠᠭᠰᠠᠨ ᠵᠢᠯ᠂ ᠦᠷ᠎ᠡ ᠳ᠋ᠦᠩ᠂ ᠪᠦᠲᠦᠭᠡᠮᠵᠢ ᠲᠡᠢ ᠤᠶᠠᠯᠳᠤᠭᠤᠯᠬᠤ᠂ ᠲᠥᠷᠦ ᠶᠢᠨ ᠵᠠᠷᠢᠮ ᠠᠯᠪᠠᠨ ᠬᠠᠭᠠᠭᠴᠢᠳ ᠤᠨ ᠴᠠᠯᠢᠩ ᠬᠥᠯᠥᠰᠦ ᠶᠢ ᠲᠣᠳᠤᠷᠬᠠᠶ ᠬᠤᠪᠢ ᠬᠡᠮᠵᠢᠶ᠎ᠡ ᠪᠠᠷ ᠨᠡᠮᠡᠭᠳᠡᠭᠦᠯᠬᠦ ᠲᠠᠪᠤᠨ ᠪᠠᠭᠴᠠ ᠠᠰᠠᠭᠤᠳᠠᠯ ᠢ ᠵᠠᠰᠠᠭ ᠤᠨ ᠭᠠᠵᠠᠷ ᠤᠨ ᠥᠨᠥᠳᠥᠷ ᠤᠨ ᠬᠤᠷᠠᠯᠳᠤᠭᠠᠨ ᠢᠶᠠᠷ ᠬᠡᠯᠡᠯᠴᠡᠨ ᠪᠠᠲᠤᠯᠠᠵᠠᠢ᠃ ᠡᠳᠡᠭᠡᠷ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠳᠤ ᠨᠡᠶᠢᠲᠡ 266.2 ᠲᠡᠷᠪᠤᠮ ᠲᠥᠭᠦᠷᠢᠭ ᠵᠠᠷᠤᠴᠠᠭᠤᠯᠬᠤ ᠪᠠᠷ 2023 ᠣᠨ ᠤ ᠨᠢᠭᠡᠳᠦᠭᠰᠡᠨ ᠲᠥᠰᠦᠪ ᠲᠦ ᠲᠤᠰᠬᠠᠭᠰᠠᠨ᠃
ᠢᠷᠡᠬᠦ ᠣᠨ ᠳᠤ ᠲᠥᠷᠦ ᠶᠢᠨ ᠵᠠᠬᠢᠷᠭᠠᠨ ᠤ ᠠᠯᠪᠠᠨ ᠲᠤᠰᠢᠶᠠᠯ ᠤᠨ 15 ᠵᠡᠷᠭᠡᠯᠡᠯ ᠢ 10᠂ ᠲᠤᠰᠬᠠᠶ ᠠᠯᠪᠠᠨ ᠤ 18 ᠵᠡᠷᠭᠡᠯᠡᠯ ᠢ 13 ᠪᠣᠯᠭᠠᠨ᠂ ᠦᠨᠳᠦᠰᠦᠨ ᠴᠠᠯᠢᠩ ᠢ ᠣᠳᠤ ᠮᠥᠷᠳᠡᠭᠳᠡᠵᠦ ᠪᠠᠶᠢᠭ᠎ᠠ ᠴᠠᠯᠢᠩ ᠤᠨ ᠱᠠᠲᠤᠯᠠᠯ ᠤᠨ ᠬᠠᠮᠤᠬ ᠤᠨ ᠥᠨᠳᠥᠷ ᠢᠶᠠᠷ ᠨᠢ ᠲᠣᠭᠲᠠᠭᠠᠨ ᠨᠢᠭᠡ ᠱᠠᠲᠤᠯᠠᠯ ᠲᠠᠢ ᠪᠣᠯᠭᠠᠪᠠ᠃ ᠢᠩᠭᠢᠭᠰᠡᠨ ᠢᠶᠠᠷ ᠲᠥᠷᠦ ᠶᠢᠨ ᠵᠠᠬᠢᠷᠭᠠᠨ ᠤ 14 ᠮᠢᠩᠭ᠎ᠠ ᠣᠷᠴᠢᠮ᠂ ᠲᠥᠷᠦ ᠶᠢᠨ ᠲᠤᠰᠬᠠᠶ ᠠᠯᠪᠠᠨ ᠤ 40.7 ᠮᠢᠩᠭ᠎ᠠ ᠣᠷᠴᠢᠮ ᠠᠯᠪᠠᠨ ᠬᠠᠭᠠᠭᠴᠢ ᠶᠢᠨ ᠴᠠᠯᠢᠩ 12-15 ᠬᠤᠪᠢ ᠨᠡᠮᠡᠭᠳᠡᠨ᠎ᠡ᠃ ᠤᠭ ᠠᠷᠭ᠎ᠠ ᠬᠡᠮᠵᠢᠶᠡᠨ ᠳᠤ ᠤᠯᠤᠰ ᠤᠨ ᠲᠥᠰᠥᠪ ᠠᠴᠠ 141.3 ᠲᠡᠷᠪᠤᠮ ᠲᠥᠭᠦᠷᠢᠭ ᠵᠠᠷᠤᠴᠠᠭᠤᠯᠤᠨ᠎ᠠ᠃
ᠬᠦᠳᠡᠯᠮᠦᠷᠢ ᠶᠢᠨ ᠬᠥᠯᠥᠰᠦᠨ ᠤ ᠳᠣᠤᠷᠠᠳᠤ ᠭᠡᠮᠵᠢᠶ᠎ᠠ 2023 ᠣᠨ ᠤ ᠨᠢᠭᠡᠳᠦᠭᠡᠷ ᠰᠠᠷ᠎ᠠ ᠶᠢᠨ ᠨᠢᠭᠡᠨ ᠠᠴᠠ 550000 ᠲᠥᠭᠦᠷᠢᠭ ᠪᠣᠯᠵᠤ ᠨᠡᠮᠡᠭᠳᠡᠭᠰᠡᠨ ᠲᠠᠢ ᠬᠤᠯᠪᠣᠭᠠᠲᠠᠢ ᠪᠠᠷ ᠵᠠᠰᠠᠭ ᠤᠨ ᠭᠠᠵᠠᠷ ᠤᠨ ᠬᠤᠷᠠᠯᠳᠤᠭᠠᠨ ᠢᠶᠠᠷ ᠲᠥᠷᠦ ᠶᠢᠨ ᠨᠡᠶᠢᠲᠡᠯᠢᠭ ᠦᠢᠯᠡᠴᠢᠯᠡᠭᠡᠨ ᠤ ᠠᠯᠪᠠᠨ ᠬᠠᠭᠠᠭᠴᠢᠳ ᠤᠨ ᠦᠨᠳᠦᠰᠦᠨ ᠴᠠᠯᠢᠩ ᠢ ᠨᠡᠮᠡᠭᠳᠡᠭᠦᠯᠬᠦ ᠰᠢᠢᠳᠪᠦᠷᠢ ᠭᠠᠷᠭᠠᠯ᠎ᠠ᠃ ᠲᠣᠳᠣᠷᠠᠭᠤᠯᠪᠠᠯ᠂ ᠲᠥᠷᠦ ᠶᠢᠨ ᠨᠡᠶᠢᠲᠡᠯᠢᠭ ᠦᠢᠯᠡᠴᠢᠯᠡᠭᠡᠨ ᠤ ᠠᠯᠪᠠᠨ ᠬᠠᠭᠠᠭᠴᠢᠳ ᠤᠨ ᠦᠨᠳᠦᠰᠦᠨ ᠴᠠᠯᠢᠩ ᠤᠨ ᠳᠣᠤᠷᠠᠳᠤ ᠭᠡᠮᠵᠢᠶ᠎ᠠ 8 ᠬᠤᠪᠢ ᠪᠠᠷ ᠨᠡᠮᠡᠭᠳᠡᠵᠦ ᠪᠠᠶᠢᠨ᠎ᠡ᠃ ᠮᠦᠠ ᠲᠥᠷᠦ ᠶᠢᠨ ᠦᠢᠯᠡᠴᠢᠯᠡᠭᠡᠨ ᠤ ᠠᠯᠪᠠᠨ ᠬᠠᠭᠠᠭᠴᠢ ᠶᠢᠨ ᠲᠥᠷᠥ ᠳᠤ ᠠᠵᠢᠯᠯᠠᠭᠰᠠᠨ ᠵᠢᠯ ᠪᠦᠷᠢ ᠳᠤ ᠨᠢ ᠲᠥᠷᠦ ᠶᠢᠨ ᠠᠯᠪᠠ ᠬᠠᠭᠠᠭᠰᠠᠨ ᠬᠤᠭᠤᠴᠠᠭᠠᠨ ᠤ ᠨᠡᠮᠡᠭᠳᠡᠯ ᠢ ᠲᠣᠭᠠᠴᠢᠵᠤ ᠣᠯᠭᠤᠭᠰᠠᠨ ᠢᠶᠠᠷ ᠴᠠᠯᠢᠩ ᠬᠥᠯᠥᠰᠦ ᠨᠢ 2-5 ᠬᠤᠪᠢ ᠪᠠᠷ ᠨᠡᠮᠡᠭᠳᠡᠬᠦ ᠪᠣᠯᠣᠮᠵᠢ ᠲᠠᠢ ᠪᠣᠯᠤᠨ᠎ᠠ᠃
ᠣᠷᠣᠨ ᠨᠤᠲᠤᠭ ᠤᠨ ᠵᠠᠬᠢᠷᠭᠠᠨ ᠤ ᠪᠠᠶᠢᠭᠤᠯᠤᠯᠭ᠎ᠠ ᠳᠤ ᠠᠵᠢᠯᠯᠠᠵᠤ ᠪᠠᠶᠢᠭ᠎ᠠ ᠲᠥᠷᠦ ᠶᠢᠨ ᠵᠠᠬᠢᠷᠭᠠᠨ ᠤ ᠠᠯᠪᠠᠨ ᠬᠠᠭᠠᠭᠴᠢᠳ ᠠᠯᠪᠠᠨ ᠲᠤᠰᠢᠶᠠᠯ ᠤᠨ ᠰᠠᠷ᠎ᠠ ᠶᠢᠨ ᠦᠨᠳᠦᠰᠦᠨ ᠴᠠᠯᠢᠩ ᠤᠨ 20 ᠬᠤᠪᠢ ᠲᠠᠶ ᠲᠡᠩᠴᠡᠬᠦ ᠬᠡᠮᠵᠢᠶᠡᠨ ᠤ ᠣᠷᠣᠨ ᠨᠤᠲᠤᠭ ᠤᠨ ᠨᠡᠮᠡᠭᠳᠡᠯ ᠣᠯᠭᠤᠬᠤ ᠪᠠᠷ ᠪᠣᠯᠣᠯ᠎ᠠ᠃