ᠵᠠᠰᠠᠭ ᠤᠨ ᠭᠠᠵᠠᠷ ᠤᠨ 《ᠡᠺᠰᠫᠣᠷᠲ ᠲᠤ ᠭᠠᠷᠭᠠᠬᠤ ᠨᠡᠭᠦᠷᠡᠰᠦᠨ ᠦ ᠨᠡᠭᠡᠭᠡᠯᠲᠡᠲᠡᠢ ᠴᠠᠬᠢᠮ ᠠᠷᠠᠯᠵᠢᠶᠠᠨ ᠤ ᠵᠢᠷᠤᠮ》 ᠤᠨ ᠳᠠᠭᠠᠤ ᠨᠡᠭᠦᠷᠡᠰᠦᠨ ᠦ ᠠᠷᠠᠯᠵᠢᠶᠠᠨ ᠳᠤ ᠣᠷᠣᠯᠴᠠᠭᠴᠢ ᠲᠠᠯ᠎ᠠ ᠨᠤᠭᠤᠳ ᠪᠣᠯᠬᠤ ᠨᠡᠭᠦᠷᠡᠰᠦ ᠬᠤᠳᠠᠯᠳᠤᠬᠤ ᠪᠣᠯᠤᠨ ᠬᠤᠳᠠᠯᠳᠤᠨ ᠠᠪᠬᠤ ᠰᠣᠨᠢᠷᠬᠠᠯ ᠪᠦᠬᠦᠢ ᠡᠲᠡᠭᠡᠳ ᠢ ᠣᠷᠤᠯᠴᠠᠭᠤᠯᠤᠭᠰᠠᠨ ᠲᠤᠷᠰᠢᠯᠲᠠ ᠶᠢᠨ ᠳᠠᠭᠤᠳᠠᠯᠭ᠎ᠠ ᠠᠷᠠᠯᠵᠢᠶ᠎ᠠ ᠶᠢ ᠮᠣᠩᠭᠣᠯ ᠤᠨ ᠬᠥᠷᠥᠩᠭᠡ ᠶᠢᠨ ᠪᠢᠷᠵᠢ ᠥᠴᠥᠭᠡᠳᠦᠷ ᠵᠣᠬᠢᠶᠠᠨ ᠪᠠᠶᠢᠭᠤᠯᠵᠠᠢ᠃
ᠡᠨᠡ ᠬᠦ ᠲᠤᠷᠰᠢᠯᠲᠠ ᠶᠢᠨ ᠳᠠᠭᠤᠳᠠᠯᠭ᠎ᠠ ᠠᠷᠠᠯᠵᠢᠶ᠎ᠠ ᠪᠠᠷ᠂ ᠬᠤᠳᠠᠯᠳᠤᠬᠤ ᠲᠠᠯ᠎ᠠ ᠠᠴᠠ ᠬᠤᠶᠠᠷ ᠪᠠᠭᠴᠠ ᠪᠤᠶᠤ ᠨᠡᠶᠢᠲᠡ 12800 ᠲᠣᠨ ᠨᠡᠭᠦᠷᠡᠰᠦ ᠶᠢ ᠬᠤᠳᠠᠯᠳᠤᠬᠤ ᠰᠠᠨᠠᠯ ᠢᠷᠡᠭᠦᠯᠦᠭᠰᠡᠨ ᠪᠥᠭᠡᠳ ᠨᠢᠭᠡ ᠤᠳᠠᠭ᠎ᠠ ᠶᠢᠨ ᠬᠡᠯᠡᠴᠡᠯ ᠢᠶᠡᠷ ᠬᠤᠶᠠᠷ ᠪᠠᠭᠴᠠ ᠨᠡᠭᠦᠷᠡᠰᠦ ᠶᠢ ᠠᠮᠵᠢᠯᠲᠠ ᠲᠠᠢ ᠠᠷᠠᠯᠵᠢᠯᠠ᠃ ᠳᠠᠭᠤᠳᠠᠯᠭ᠎ᠠ ᠠᠷᠠᠯᠵᠢᠶ᠎ᠠ ᠪᠠᠷ ᠲᠠᠭᠤᠳᠠᠬᠤ ᠦᠨ᠎ᠡ 12.2 ᠬᠤᠪᠢ ᠪᠠᠷ ᠥᠰᠦᠭᠰᠡᠨ ᠪᠠᠶᠢᠨ᠎ᠠ᠃