ᠤᠯᠤᠰ ᠤᠨ ᠶᠡᠬᠡ ᠬᠤᠷᠠᠯ ᠤᠨ ᠴᠢᠭᠤᠯᠭᠠᠨ ᠤ 2023 ᠣᠨ ᠤ ᠨᠢᠭᠡᠳᠦᠭᠡᠷ ᠰᠠᠷ᠎ᠠ ᠶᠢᠨ 12 ᠍ ᠤ ᠡᠳᠦᠷ ᠦᠨ ᠦᠳᠡ ᠡᠴᠡ ᠬᠣᠶᠢᠰᠢᠬᠢ ᠨᠢᠭᠡᠳᠦᠭᠰᠡᠨ ᠬᠤᠷᠠᠯᠳᠤᠭᠠᠨ ᠢᠶᠠᠷ ᠮᠣᠩᠭᠣᠯ ᠤᠯᠤᠰ ᠤᠨ ᠵᠠᠰᠠᠭ ᠤᠨ ᠭᠠᠵᠠᠷ ᠠᠴᠠ 2023 ᠣᠨ ᠤ ᠨᠢᠭᠡᠳᠦᠭᠡᠷ ᠰᠠᠷ᠎ᠠ ᠶᠢᠨ ᠭᠤᠷᠪᠠᠨ ᠳᠦ ᠡᠷᠭᠦᠨ ᠮᠡᠳᠡᠭᠦᠯᠦᠭᠰᠡᠨ 《ᠣᠷᠬᠣᠨ ᠤ ᠬᠥᠨᠳᠡᠢ ᠳᠦ ᠬᠣᠲᠠ ᠪᠠᠶᠢᠭᠤᠯᠬᠤ ᠲᠤᠬᠠᠢ》 ᠤᠯᠤᠰ ᠤᠨ ᠶᠡᠬᠡ ᠬᠤᠷᠠᠯ ᠤᠨ ᠲᠣᠭᠲᠠᠭᠠᠯ ᠤᠨ ᠲᠥᠰᠥᠯ ᠦᠨ ᠠᠩᠬᠠᠨ ᠤ ᠬᠡᠯᠡᠯᠴᠡᠭᠦᠯᠭᠡ ᠶᠢ ᠬᠢᠯ᠎ᠡ᠃
ᠲᠣᠭᠲᠠᠭᠠᠯ ᠤᠨ ᠲᠥᠰᠥᠯ ᠢ ᠲᠥᠷᠥ ᠶᠢᠨ ᠪᠠᠶᠢᠭᠤᠯᠤᠯᠲᠠ ᠶᠢᠨ ᠪᠠᠶᠢᠩᠭᠤ ᠶᠢᠨ ᠬᠣᠷᠢᠶᠠᠨ ᠤ ᠬᠤᠷᠠᠯᠳᠤᠭᠠᠨ ᠢᠶᠠᠷ ᠬᠡᠯᠡᠯᠴᠡᠭᠰᠡᠨ ᠲᠤᠬᠠᠢ ᠰᠠᠨᠠᠯ ᠳ᠋ᠦᠩᠨᠡᠯᠲᠡ ᠶᠢ ᠲᠤᠰ ᠪᠠᠶᠢᠩᠭᠤ ᠶᠢᠨ ᠬᠣᠷᠢᠶᠠᠨ ᠤ ᠳᠠᠷᠤᠭ᠎ᠠ ᠵ∙ᠮᠥᠩᠬᠡᠪᠠᠲᠤ ᠲᠠᠨᠢᠯᠴᠠᠭᠤᠯᠪᠠ᠃ ᠪᠠᠶᠢᠩᠭᠤ ᠶᠢᠨ ᠬᠣᠷᠢᠶᠠᠨ ᠤ ᠬᠤᠷᠠᠯᠳᠤᠭᠠᠨ ᠠᠴᠠ ᠲᠣᠭᠲᠠᠭᠠᠯ ᠤᠨ ᠲᠥᠰᠥᠯ ᠢ ᠠᠩᠬᠠᠨ ᠤ ᠬᠡᠯᠡᠯᠴᠡᠭᠦᠯᠭᠡ ᠪᠡᠷ ᠪᠠᠲᠤᠯᠠᠬᠤ ᠰᠠᠨᠠᠯ ᠭᠠᠷᠭᠠᠭᠰᠠᠨ ᠢ ᠤᠯᠤᠰ ᠤᠨ ᠶᠡᠬᠡ ᠬᠤᠷᠠᠯ ᠤᠨ ᠴᠢᠭᠤᠯᠭᠠᠨ ᠤ ᠨᠢᠭᠡᠳᠦᠭᠰᠡᠨ ᠬᠤᠷᠠᠯᠳᠤᠭᠠᠨ ᠳᠤ ᠣᠷᠣᠯᠴᠠᠭᠰᠠᠨ ᠭᠡᠰᠢᠭᠦᠳ ᠦᠨ ᠣᠯᠠᠩᠬᠢ ᠳᠡᠮᠵᠢᠵᠦ᠂ ᠲᠣᠭᠲᠠᠭᠠᠯ ᠤᠨ ᠲᠥᠰᠥᠯ ᠢ ᠪᠠᠲᠤᠯᠠᠯ᠎ᠠ᠃