ᠶᠡᠷᠦᠩᠬᠡᠶ ᠰᠠᠶᠢᠳ ᠯ᠊·ᠤᠶᠤᠡᠡᠷᠳᠡᠨᠢ ᠥᠨᠥᠳᠥᠷ ᠪᠦᠬᠦᠳᠠ ᠨᠠᠶᠢᠷᠠᠮᠳᠠᠬᠤ ᠰᠤᠯᠦᠩᠭᠤᠰ ᠤᠯᠤᠰ ᠤᠨ ᠺᠤᠷᠢᠶᠠ ᠲᠧᠯᠧᠺᠣᠮ ᠭᠷᠦ᠋ᠫ ᠤᠨ ᠶᠡᠷᠦᠩᠬᠡᠶᠢᠯᠡᠭᠴᠢ ᠭᠦ᠋ ᠾᠶᠤᠨ ᠮᠤ ᠶᠢ ᠬᠦᠯᠢᠶᠡᠨ ᠠᠪᠴᠤ ᠠᠭᠤᠯᠵᠠᠵᠤ᠂ ᠬᠤᠶᠠᠷ ᠤᠯᠤᠰ ᠤᠨ ᠬᠠᠷᠢᠯᠴᠠᠭ᠎ᠠ᠂ ᠬᠥᠷᠥᠩᠭᠡ ᠣᠷᠤᠭᠤᠯᠤᠯᠲᠠ᠂ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠰᠠᠨᠠᠯ ᠰᠣᠯᠢᠯᠴᠠᠪᠠ᠃
ᠯ᠊ ·ᠤᠶᠤᠡᠡᠷᠳᠡᠨᠢ ᠪᠦᠬᠦᠳᠠ ᠨᠠᠶᠢᠷᠠᠮᠳᠠᠬᠤ ᠰᠣᠯᠤᠩᠭᠤᠰ ᠤᠯᠤᠰ ᠤᠨ ᠺᠤᠷᠢᠶᠠ ᠲᠧᠯᠧᠺᠣᠮ ᠭᠷᠦ᠋ᠫ ᠮᠣᠩᠭᠤᠯ ᠳᠤ ᠮᠡᠳᠡᠭᠡᠯᠡᠯ ᠤᠨ ᠲᠧᠭᠨᠣᠯᠣᠭᠢ᠂ ᠬᠠᠷᠢᠯᠴᠠᠭ᠎ᠠ ᠬᠤᠯᠪᠤᠭᠠᠨ ᠤ ᠳᠡᠳ᠋ ᠪᠦᠲᠦᠴᠡ᠂ ᠡᠷᠡᠭᠦᠯ ᠮᠡᠨᠳᠦ᠂ ᠪᠠᠩᠬᠢ ᠰᠠᠩᠬᠦᠦ ᠶᠢᠨ ᠴᠢᠭᠯᠡᠯ ᠢᠶᠠᠷ ᠬᠥᠷᠥᠩᠭᠡ ᠣᠷᠣᠭᠤᠯᠬᠤ ᠪᠠᠷ ᠲᠥᠯᠥᠪᠯᠡᠵᠦ ᠪᠠᠢᠭ᠎ᠠ ᠳᠤ ᠲᠠᠯᠠᠷᠬᠠᠯ ᠢᠯᠡᠷᠬᠡᠶᠢᠯᠡᠪᠡ᠃
ᠺᠤᠷᠢᠶᠠ ᠲᠧᠯᠧᠺᠣᠮ ᠭᠷᠦ᠋ᠫ ᠤᠨ ᠶᠡᠷᠦᠩᠬᠡᠶᠢᠯᠡᠭᠴᠢ ᠮᠠᠨ ᠤ ᠤᠯᠤᠰ ᠤᠨ ᠴᠠᠬᠢᠮ ᠰᠢᠯᠵᠢᠯᠲᠡ ᠳᠤ ᠬᠠᠮᠲᠤᠷᠠᠵᠤ ᠠᠵᠢᠯᠯᠠᠬᠤ ᠰᠠᠨᠠᠯ ᠲᠠᠢ ᠪᠠᠶᠢᠭ᠎ᠠ ᠪᠠᠨ ᠬᠡᠯᠡᠵᠦ᠂ ᠮᠦᠠ ᠡᠷᠡᠭᠦᠯ ᠮᠡᠨᠳᠦ ᠶᠢᠨ ᠣᠷᠴᠢᠨ ᠦᠶ᠎ᠡ ᠶᠢᠨ ᠣᠨᠣᠰᠢᠯᠠᠭᠠᠨ ᠤ ᠲᠥᠪ ᠪᠠᠶᠢᠭᠤᠯᠬᠤ ᠲᠥᠰᠥᠯ ᠢ ᠮᠣᠩᠭᠤᠯ ᠳᠤ ᠬᠡᠷᠡᠭᠵᠢᠭᠦᠯᠵᠦ᠂ ᠬᠥᠷᠥᠩᠭᠡ ᠣᠷᠣᠭᠤᠯᠬᠤ ᠪᠠᠷ ᠰᠤᠳᠤᠯᠵᠤ ᠪᠤᠢ ᠪᠠᠨ ᠲᠠᠨᠢᠯᠴᠠᠭᠤᠯᠪᠠ᠃